ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠬᠡᠰᠡᠭ ᠲᠦᠷᠦᠯ ᠵᠦᠢᠯ ᠢ ᠵᠢᠯ ᠤᠨ ᠳᠣᠲᠣᠷ᠎ᠠ ᠲᠤᠰᠢᠶᠠᠨ ᠬᠡᠷᠡᠭᠯᠡᠭᠦᠯᠦᠨ᠎ᠡ
ᠨᠡᠶᠢᠲᠡᠯᠡᠭᠰᠡᠨ ᠴᠠᠭ᠄
2024/6/14
      ︵ᠰᠤᠷᠪᠤᠯᠵᠢᠯᠠᠭᠴᠢ ᠶᠠᠩ ᠼᠠᠢ ᠰᠢᠶᠠ︶ ᠣᠶᠢᠷ᠎ᠠ ᠳᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠰᠤᠷᠭᠠᠨ ᠬᠥᠮᠦᠵᠢᠯ ᠤᠨ ᠵᠢᠵᠢᠭ ᠪᠠᠯᠭᠠᠰᠤᠨ ᠳᠤ ᠪᠠᠶᠢᠷᠢᠯᠠᠵᠤ ᠪᠠᠶᠢᠭ᠎ᠠ ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠮᠬᠢ ᠵᠢᠷᠤᠮ ᠲᠠᠢ ᠠᠭᠢᠵᠤ᠂ ᠵᠢᠯ ᠤᠨ ᠳᠣᠲᠣᠷ᠎ᠠ ᠨᠢᠭᠡ ᠬᠡᠰᠡᠭ ᠢ ᠲᠤᠰᠢᠶᠠᠨ ᠬᠡᠷᠡᠭᠯᠡᠭᠦᠯᠬᠦ ᠪᠠᠷ ᠪᠠᠶᠢᠨ᠎ᠠ᠃      ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠥᠪᠥᠷ ᠮᠣᠩᠭᠤᠯ ᠤᠨ ᠴᠢᠩ ᠴᠧᠩ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠠᠴᠠ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢ ᠬᠠᠷᠢᠭᠤᠴᠠᠨ᠎ᠠ᠃ 2023 ᠣᠨ ᠤ 5 ᠳ᠋ᠤᠭᠠᠷ ᠰᠠᠷ᠎ᠠ ᠳᠤ ᠵᠢᠩᠬᠢᠨᠢ ᠪᠠᠷ ᠠᠵᠢᠯ ᠡᠬᠢᠯᠡᠭᠦᠯᠵᠦ᠂ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠭᠠᠵᠠᠷ 1483 ᠮᠥ᠂ ᠶᠡᠷᠦᠩᠬᠡᠶ ᠪᠠᠷᠢᠯᠭ᠎ᠠ ᠶᠢᠨ ᠲᠠᠯᠠᠪᠠᠶ 57.6 ᠲᠦᠮᠡᠨ ᠲᠡᠭᠰᠢ ᠳᠥᠷᠪᠡᠯᠵᠢᠨ ᠮᠧᠲᠷ᠂ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠪᠠᠯᠠ ᠣᠷᠣᠭᠤᠯᠤᠯᠲᠠ 34.5 ᠳ᠋ᠦᠩᠰᠢᠭᠤᠷ ᠲᠥᠭᠦᠷᠢᠭ ᠲᠤ ᠬᠦᠷᠴᠦ᠂ ᠰᠤᠷᠭᠠᠭᠤᠯᠢ ᠳᠤ ᠰᠠᠭᠤᠭ᠎ᠠ ᠰᠣᠷᠣᠭᠴᠢ 2.88 ᠲᠦᠮᠡᠨ ᠬᠥᠮᠦᠨ ᠢ ᠪᠠᠭᠲᠠᠭᠠᠵᠤ ᠪᠣᠯᠤᠨ᠎ᠠ᠃ ᠲᠥᠷᠥᠯ ᠵᠦᠢᠯ ᠤᠨ ᠲᠥᠯᠥᠪᠯᠡᠭᠡ ᠶᠢᠨ ᠪᠠᠶᠢᠭᠤᠯᠤᠯᠲᠠ ᠶᠢᠨ ᠬᠤᠭᠤᠴᠠᠭ᠎ᠠ ᠨᠢ 4 ᠵᠢᠯ ᠪᠠᠶᠢᠵᠤ᠂ ᠬᠥᠬᠡᠬᠤᠲᠠ ᠶᠢᠨ ᠤᠶᠤᠨᠲᠤ ᠮᠡᠷᠭᠡᠵᠢᠯ ᠤᠨ ᠬᠡᠷᠡᠭᠯᠡᠭᠡᠨ ᠤ ᠰᠤᠷᠭᠠᠭᠤᠯᠢ᠂ ᠬᠥᠬᠡᠬᠤᠲᠠ ᠶᠢᠨ ᠢᠳᠡᠭᠡᠨ ᠬᠢᠭᠡᠳ ᠡᠮ ᠡᠮᠨᠡᠯᠭᠡ ᠡᠷᠡᠭᠦᠯ ᠬᠠᠮᠠᠭᠠᠯᠠᠯ ᠤᠨ ᠰᠤᠷᠭᠠᠭᠤᠯᠢ᠂ ᠬᠥᠬᠡᠬᠤᠲᠠ ᠶᠢᠨ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠭᠤᠯᠢ᠂ ᠬᠥᠬᠡᠬᠤᠲᠠ ᠶᠢᠨ ᠰᠣᠶᠣᠯ ᠤᠷᠠᠯᠢᠭ ᠤᠨ ᠠᠵᠢᠯ ᠮᠡᠷᠭᠡᠵᠢᠯ ᠤᠨ ᠰᠤᠷᠭᠠᠭᠤᠯᠢ᠂ ᠬᠥᠬᠡᠬᠤᠲᠠ ᠶᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ ᠵᠡᠷᠭᠡ ᠨᠡᠶᠢᠲᠡ ᠲᠠᠪᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠪᠥᠲᠥᠭᠡᠨ ᠪᠠᠶᠢᠭᠤᠯᠤᠨ᠎ᠠ᠃ ᠶᠡᠷᠦᠩᠬᠡᠶ ᠪᠠᠷᠢᠯᠭ᠎ᠠ ᠶᠢ 2026 ᠣᠨ ᠤ ᠡᠴᠦᠰ ᠲᠤ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠢᠭᠠᠨ ᠰᠤᠷᠭᠠᠯᠲᠠ ᠶᠢᠨ ᠡᠬᠢ ᠪᠠᠶᠠᠯᠢᠭ᠂ ᠰᠣᠶᠣᠯ ᠪᠡᠶ᠎ᠡ ᠶᠢᠨ ᠲᠠᠮᠢᠷ ᠤᠨ ᠲᠥᠬᠦᠭᠡᠷᠦᠮᠵᠢ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠣᠶᠤᠨᠴᠢ ᠪᠦᠲᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠪᠠᠷ ᠡᠷᠴᠢᠮᠵᠢᠭᠦᠯᠦᠨ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠪᠠᠷ ᠲᠥᠯᠥᠪᠯᠡᠵᠦ᠂ ᠵᠠᠯᠭᠠᠭᠠᠳ ᠪᠠᠰᠠ ᠬᠤᠳᠠᠯᠳᠤᠭᠠᠨ ᠤ ᠲᠣᠭᠤᠷᠢᠭ ᠵᠡᠷᠭᠡ ᠡᠷᠭᠢᠨ ᠲᠣᠭᠤᠷᠢᠨ ᠤ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠲᠦᠯᠦᠪᠯᠡᠵᠦ᠂ ᠪᠠᠭᠰᠢ ᠰᠤᠷᠤᠭᠴᠢᠳ ᠤᠨ ᠰᠤᠷᠤᠯᠭ᠎ᠠ ᠠᠮᠢᠳᠤᠷᠠᠯ ᠳᠤ ᠳᠥᠭᠦᠮ ᠦᠵᠡᠭᠦᠯᠦᠨ᠎ᠡ᠃      ᠬᠥᠬᠡᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠪᠣᠯ ᠮᠠᠨ ᠤ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠪᠣᠯᠤᠨ᠎ᠠ᠂ ᠪᠠᠢᠭᠤᠯᠤᠭᠰᠠᠨ ᠤ ᠳᠠᠷᠠᠭ᠎ᠠ ᠰᠢᠨ᠎ᠡ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠡ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠢᠷᠢᠰᠢᠭᠤᠯᠤᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠮᠠᠨ ᠤ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠪᠠᠶᠢᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠦᠲᠦᠴᠡ᠂ ᠬᠡᠪᠴᠢᠶ᠎ᠡ᠂ ᠶᠠᠰᠤ ᠴᠢᠨᠠᠷ ᠵᠡᠷᠭᠡ ᠲᠠᠯ᠎ᠠ ᠪᠠᠷ ᠲᠦᠷᠭᠡᠨ ᠬᠦᠭᠵᠢᠭᠦᠯᠦᠨ᠎ᠡ᠃ ᠡᠭᠦᠨ ᠤ ᠬᠠᠮᠲᠤ ᠪᠠᠰᠠ ᠰᠢᠨ᠎ᠡ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠭᠤᠰᠣᠨ ᠢ ᠨᠥᠬᠦᠪᠥᠷᠢᠯᠡᠵᠦ᠂ ᠰᠢᠨ᠎ᠡ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠣᠯᠠᠨ ᠬᠡᠷᠡᠭᠯᠡᠭᠡᠨ ᠤ ᠬᠡᠯᠪᠡᠷᠢ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠠᠩᠭᠠᠵᠤ᠂ ᠰᠢᠨ᠎ᠡ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ ᠲᠠᠰ ᠳᠡᠪᠰᠢᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠪᠣᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ