ᠬᠥᠬᠡᠬᠤᠲᠠ ᠶᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ  ᠬᠥᠬᠡᠬᠤᠲᠠ ᠶᠢᠨ ᠶᠢᠨ ᠰᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠲᠥᠪ ᠫᠠᠶᠢᠰᠠ ᠰᠡᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/14
       ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ ᠰᠠᠷ᠎ᠠ ᠶᠢᠨ 13 ᠤ ᠡᠳᠦᠷ᠂ ᠬᠥᠬᠡᠬᠤᠲᠠ ᠶᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ᠂ ᠬᠥᠬᠡᠬᠤᠲᠠ ᠶᠢᠨ ᠶᠢᠨ ᠰᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠲᠥᠪ ᠫᠠᠶᠢᠰᠠ ᠰᠡᠭᠦᠨ ᠪᠠᠶᠢᠭᠤᠯᠤᠭᠳᠠᠪᠠ᠃      ᠬᠥᠬᠡᠬᠤᠲᠠ ᠶᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠪᠤᠯ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠮᠥᠨ᠂ ᠬᠥᠬᠡᠬᠤᠲᠠ ᠶᠢᠨ ᠶᠢᠨ ᠰᠢᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠲᠥᠪ ᠪᠣᠯ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠨᠡᠶᠢᠭᠡᠮ ᠤᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠮᠥᠨ᠃ ᠬᠤᠶᠠᠷ ᠪᠠᠶᠢᠭᠤᠯᠤᠮᠵᠢ ᠨᠢ ᠮᠠᠨ ᠤ ᠬᠤᠲᠠ ᠶᠢᠨ ᠶᠡᠭᠡ ᠰᠤᠷᠭᠠᠭᠤᠯᠢ ᠶᠢᠨ ᠵᠡᠭᠦᠨ ᠵᠠᠮ ᠤᠨ ᠲᠤᠤ ᠷᠠᠨ ᠲᠣᠮᠣ ᠠᠰᠠᠷ ᠤᠨ ᠳᠥᠷᠪᠡᠳᠦᠭᠡᠷ ᠳᠠᠪᠬᠤᠷ ᠲᠤ ᠪᠠᠶᠢᠷᠢᠯᠠᠵᠤ᠂ ᠨᠢᠭᠡ ᠥᠷᠲᠡᠭᠡ ᠮᠠᠶ᠋ᠢᠭ ᠤᠨ ᠭᠥᠯᠢᠶᠡᠨ ᠠᠪᠴᠤ ᠰᠢᠢᠳᠪᠦᠷᠢᠯᠡᠬᠦ ᠴᠣᠩᠬᠤ᠂ ᠮᠥᠩᠭᠦᠨ ᠭᠦᠢᠯᠭᠡᠭᠡᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠲᠤᠰᠬᠠᠶ ᠲᠣᠭᠤᠷᠢᠭ᠂ ᠵᠤᠴᠢᠳ ᠤᠨ ᠠᠮᠠᠷᠠᠯᠲᠠ ᠶᠢᠨ ᠲᠣᠭᠤᠷᠢᠭ᠂ ᠡᠶᠡᠳᠡᠭᠦᠯᠬᠦ ᠲᠤᠰᠬᠠᠶ ᠲᠣᠭᠤᠷᠢᠭ᠂ ᠮᠥᠩᠭᠦᠨ ᠭᠦᠢᠯᠭᠡᠭᠡᠨ ᠤ ᠰᠢᠭᠦᠬᠦ ᠲᠢᠩᠬᠢᠮ ᠤᠨ ᠰᠢᠭᠦᠨ ᠲᠠᠰᠤᠯᠬᠤ ᠲᠤᠰᠬᠠᠶ ᠲᠣᠭᠤᠷᠢᠭ᠂ ᠲᠥᠪᠯᠡᠷᠡᠭᠦᠯᠦᠨ ᠠᠵᠢᠯᠯᠠᠬᠤ ᠲᠣᠭᠤᠷᠢᠭ ᠵᠡᠷᠭᠡ ᠵᠢᠷᠭᠤᠭᠠᠨ ᠴᠢᠳᠠᠮᠵᠢᠳᠤ ᠣᠷᠣᠨ ᠢ ᠲᠣᠬᠢᠷᠠᠭᠤᠯᠪᠠ᠃      ᠡᠶᠡᠳᠡᠭᠦᠯᠬᠦ ᠲᠥᠪ ᠲᠤ ᠮᠥᠩᠭᠦᠨ ᠭᠦᠢᠯᠭᠡᠭᠡᠨ ᠤ ᠰᠢᠭᠦᠬᠦ ᠲᠢᠩᠬᠢᠮ ᠭᠠᠷᠭᠠᠵᠤ᠂ ᠠᠷᠠᠳ ᠤᠨ ᠰᠢᠭᠦᠬᠦ ᠬᠤᠷᠢᠶᠠᠨ ᠤ ᠰᠢᠭᠦᠬᠦ ᠲᠢᠩᠬᠢᠮ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠲᠠᠭᠤ ᠲᠣᠨᠤᠭ ᠲᠥᠬᠦᠭᠡᠷᠦᠮᠵᠢ ᠵᠢᠴᠢ ᠰᠦᠯᠵᠢᠶᠡᠨ ᠤ ᠳᠡᠮᠵᠢᠯᠭᠡ ᠶᠢ ᠲᠣᠬᠢᠷᠠᠭᠤᠯᠵᠤ᠂ ᠡᠶᠡᠳᠡᠭᠦᠯᠬᠦ ᠳᠤ ᠲᠣᠬᠢᠷᠠᠬᠤ ᠦᠭᠡᠢ ᠪᠤᠶᠤ ᠡᠶᠡᠳᠡᠭᠦᠯᠦᠭᠡᠳ ᠠᠮᠵᠢᠯᠲᠠ ᠤᠯᠤᠭᠰᠠᠨ ᠦᠭᠡᠢ ᠬᠡᠷᠡᠭ ᠲᠤ ᠮᠥᠩᠭᠦᠨ ᠭᠦᠢᠯᠭᠡᠭᠡᠨ ᠤ ᠬᠡᠷᠡᠭ ᠢ ᠰᠢᠭᠦᠬᠦ ᠪᠦᠯᠬᠦᠮ ᠠᠳᠡ ᠬᠡᠷᠡᠭ ᠢ ᠲᠢᠩᠬᠢᠮ ᠨᠡᠭᠡᠭᠡᠵᠦ ᠰᠢᠭᠦᠬᠦ ᠶᠢᠨ ᠬᠠᠮᠲᠤ ᠠᠯᠤᠰ ᠠᠴᠠ ᠲᠢᠩᠬᠢᠮ ᠨᠡᠭᠡᠭᠡᠬᠦ ᠶᠢ ᠪᠡᠶᠡᠯᠡᠭᠦᠯᠪᠡ᠃ ᠡᠨᠡ ᠨᠢ ᠵᠤᠬᠢᠬᠤ ᠬᠡᠮᠵᠢᠶᠡᠨ ᠳᠤ ᠪᠥᠬᠦ ᠶᠠᠪᠤᠴᠠ ᠶᠢᠨ ᠵᠤᠯᠭᠠᠯᠲᠠᠲᠤ ᠴᠢᠨᠠᠷ ᠢ ᠭᠦᠢᠴᠡᠳ ᠪᠠᠲᠤᠯᠠᠵᠤ᠂ ︽ᠬᠠᠮᠤᠭ ᠣᠯᠠᠨ ᠳᠠᠭᠠᠨ ᠨᠢᠭᠡ ᠤᠳᠠᠭ᠎ᠠ ᠭᠦᠶᠦᠬᠦ︾ ᠶᠢ ᠦᠨᠡᠨ ᠬᠦ ᠪᠡᠶᠡᠯᠡᠭᠦᠯᠵᠡᠶ᠃ ᠨᠢᠭᠡ ᠥᠷᠲᠡᠭᠡ ᠮᠠᠶ᠋ᠢᠭ ᠤᠨ᠂ ᠪᠥᠬᠦ ᠴᠤᠪᠤᠷᠠᠯ᠂ ᠪᠥᠬᠦ ᠲᠠᠯ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ᠂ ᠬᠡᠷᠡᠭ ᠢ ᠳᠡᠪᠰᠢᠭᠦᠯᠬᠦ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠬᠡᠷᠡᠭ ᠢ ᠡᠶᠡᠳᠡᠭᠦᠯᠬᠦ᠂ ᠬᠡᠷᠡᠭ ᠢ ᠰᠢᠭᠦᠬᠦ ︽ᠰᠦᠯᠵᠢᠶᠡᠨ ᠳᠡᠭᠡᠷ᠎ᠡ+ᠰᠦᠯᠵᠢᠶᠡᠨ ᠭᠠᠳᠠᠨᠠᠬᠢ︾ ᠬᠤᠤᠰ ᠵᠠᠮ ᠤᠨ ᠵᠠᠭᠪᠤᠷ ᠢ ᠪᠠᠶᠢᠭᠤᠯᠪᠠ᠃      ᠬᠥᠬᠡᠬᠤᠲᠠ ᠶᠢᠨ ᠶᠢᠨ ᠰᠢᠨ ᠮᠥᠩᠭᠦᠨ ᠭᠦᠢᠯᠭᠡᠭᠡᠨ ᠤ ᠵᠠᠭᠤᠷᠠᠯᠳᠤᠭᠠᠨ ᠢ ᠡᠶᠡᠳᠡᠭᠦᠯᠬᠦ ᠲᠥᠪ ᠤᠨ ᠬᠠᠷᠢᠭᠤᠴᠠᠯᠭᠠᠲᠠᠨ ᠯᠢ ᠬᠤᠢ ᠵᠢᠤᠸᠠᠨ ᠲᠠᠨᠢᠯᠴᠠᠭᠤᠯᠤᠭᠰᠠᠨ ᠢᠶᠠᠷ᠂ ᠨᠢᠭᠡ ᠯᠡ ᠥᠷᠲᠡᠭᠡᠨ ᠤ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠳᠣᠣᠷ᠎ᠠ᠂ ᠵᠢᠭᠤᠷᠠᠯᠳᠤᠭᠠᠨ ᠢ ᠰᠢᠢᠳᠪᠦᠷᠢᠯᠡᠬᠦ ᠠᠷᠭ᠎ᠠ ᠵᠠᠮ ᠣᠯᠠᠨ ᠡᠰᠢᠵᠢᠵᠦ᠂ ᠡᠶᠡᠳᠡᠭᠦᠯᠵᠦ ᠪᠣᠯᠬᠤ᠂ ᠵᠠᠭᠠᠯᠳᠤᠵᠤ ᠪᠣᠯᠬᠤ᠂ ᠲᠠᠰᠤᠯᠵᠤ ᠪᠣᠯᠬᠤ ᠶᠢ ᠪᠡᠶᠡᠯᠡᠭᠦᠯᠵᠦ᠂ ᠡᠶᠡᠳᠡᠭᠦᠯᠬᠦ+ᠬᠠᠤᠯᠢ ᠴᠠᠭᠠᠵᠠ ᠶᠢᠨ ᠨᠤᠲᠠᠯᠠᠯᠲᠠ ᠬᠢᠬᠦ᠂ ᠡᠶᠡᠳᠡᠭᠦᠯᠬᠦ +ᠠᠯᠪᠠᠨ ᠭᠡᠷᠡᠴᠢᠯᠡᠭᠡ ᠪᠠᠷ ᠬᠦᠴᠦᠷᠬᠡᠭᠵᠢᠭᠦᠯᠬᠦ ᠶᠢ ᠪᠡᠶᠡᠯᠡᠭᠦᠯᠵᠦ᠂ ᠡᠶᠡᠳᠡᠭᠦᠯᠬᠦ ᠬᠡᠯᠡᠯᠴᠡᠭᠡᠷ ᠲᠤ ᠠᠯᠪᠠᠳᠠᠨ ᠭᠦᠢᠴᠡᠳᠭᠡᠬᠦ ᠬᠦᠴᠦᠨ ᠤᠯᠭᠤᠵᠤ᠂ ᠡᠶᠡᠳᠡᠭᠦᠯᠬᠦ ᠪᠥᠬᠦ ᠶᠠᠪᠤᠴᠠ ᠳᠤ ᠲᠥᠪ ᠴᠢᠩᠭ᠎ᠠ᠂ ᠲᠥᠪ ᠭᠤᠤᠯᠴᠢ᠂ ᠲᠤᠰᠬᠠᠶ ᠮᠡᠷᠭᠡᠵᠢᠯ ᠤᠨ᠂ ᠪᠤᠰᠤᠳᠴᠢ ᠪᠠᠶᠢᠵᠤ᠂ ᠲᠤᠬᠠᠶ ᠶᠢᠨ  ᠬᠡᠷᠡᠭ ᠤᠨ ᠬᠤᠶᠠᠷ ᠲᠠᠯ᠎ᠠ ᠶᠢᠨ ᠬᠤᠶᠢᠰᠢᠳᠠ ᠶᠢᠨ ᠵᠣᠪᠠᠨᠢᠯ ᠢ ᠠᠷᠢᠯᠭᠠᠪᠠ᠃ ᠢᠷᠡᠭᠡᠳᠦᠶ ᠳᠤ᠂ ᠠᠳᠡ ᠪᠠᠰᠠ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠣᠯᠠᠨ ᠲᠠᠯ᠎ᠠ ᠶᠢᠨ ᠬᠠᠮᠵᠢᠯᠴᠠᠨ ᠰᠣᠯᠢᠯᠴᠠᠬᠤ ᠲᠠᠪᠴᠠᠩ ᠢ ᠢᠳᠡᠪᠬᠢᠲᠡᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤ ᠬᠤᠯᠪᠣᠭᠠᠯᠠᠨ ᠬᠥᠳᠡᠯᠦᠯᠴᠡᠬᠦ᠂ ᠵᠠᠰᠠᠭ ᠤᠨ ᠤᠷᠳᠤᠨ᠂ ᠰᠢᠭᠦᠬᠦ ᠬᠤᠷᠢᠶ᠎ᠠ᠂ ᠬᠠᠤᠯᠢ ᠴᠠᠭᠠᠵᠠ᠂ ᠠᠵᠤ ᠠᠬᠤᠶᠢᠯᠠᠯ ᠳᠥᠷᠪᠡᠨ ᠲᠠᠯ᠎ᠠ ᠪᠠᠷ ᠠᠳᠠᠯᠢ ᠴᠢᠭᠯᠡᠯ ᠢᠶᠠᠷ ᠬᠦᠴᠦᠯᠡᠬᠦ᠂ ᠠᠳᠠᠯᠢ ᠰᠡᠳᠦᠪ ᠢ ᠬᠠᠮᠲᠤᠪᠡᠷ ᠬᠠᠷᠢᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠵᠢᠯ ᠲᠥᠷᠥᠯ ᠤᠨ ︽ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ︾ ᠶᠢᠨ ᠰᠢᠨ᠎ᠡ ᠪᠠᠶᠢᠳᠠᠯ ᠢ ᠪᠣᠶ ᠪᠣᠯᠭᠠᠬᠤ ᠶᠢ ᠠᠬᠢᠭᠤᠯᠤᠨ᠎ᠠ︔ ᠡᠶᠡᠳᠡᠭᠦᠯᠦᠭᠴᠢ ᠳᠤ ᠪᠣᠳᠠᠲᠠᠶ ᠪᠣᠯᠪᠠᠰᠤᠷᠠᠯ ᠤᠨ ᠲᠠᠯᠠᠪᠤᠷ ᠬᠠᠩᠭᠠᠵᠤ᠂ ᠠᠵᠢᠯ ᠲᠥᠷᠥᠯ ᠤᠨ ᠲᠤᠷᠰᠢᠯᠭ᠎ᠠ ᠰᠣᠯᠢᠯᠴᠠᠬᠤ ᠪᠠ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠬᠦ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠰᠢᠢᠳᠪᠦᠷᠢᠯᠡᠬᠦ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠪᠣᠯᠭᠠᠨ᠎ᠠ︔ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ ᠶᠢ ᠪᠠᠶᠢᠭᠤᠯᠬᠤ ᠪᠠᠷ ᠳᠠᠮᠵᠢᠭᠤᠯᠤᠨ᠂ ᠬᠥᠬᠡᠬᠤᠲᠠ ᠶᠢᠨ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠵᠢᠯᠣᠭᠤᠳᠣᠯᠭ᠎ᠠ ᠳᠣᠤᠷ᠎ᠠ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠰᠢᠢᠳᠪᠦᠷᠢᠯᠡᠬᠦ ᠰᠤᠳᠤᠯᠭᠠᠨ ᠤ ᠨᠡᠶᠢᠭᠡᠮᠯᠢᠭ ᠢ ᠪᠠᠶᠢᠭᠤᠯᠵᠤ᠂ ᠠᠵᠢᠯ ᠲᠥᠷᠥᠯ ᠤᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠴᠠᠭ ᠲᠤᠬᠠᠶ ᠳᠤᠨᠢ ᠪᠣᠯᠪᠠᠰᠤᠷᠠᠭᠤᠯᠤᠨ ᠳ᠋ᠦᠩᠨᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠬᠡᠮᠵᠢᠶ᠎ᠡ ᠠᠪᠴᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠳᠤᠲᠠᠭᠤᠳᠠᠯ ᠢ ᠨᠥᠬᠦᠪᠥᠷᠢᠯᠡᠨ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠵᠦ᠂ ᠮᠥᠩᠭᠦᠨ ᠭᠦᠢᠯᠭᠡᠭᠡᠨ ᠤ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠲᠦ ᠦᠨᠳᠦᠷ ᠪᠦᠲᠦᠮᠵᠢᠲᠡᠶ ᠣᠨᠣᠯ ᠤᠨ ᠰᠤᠳᠤᠯᠭᠠᠨ ᠤ ᠥᠨᠳᠦᠷᠯᠢᠭ ᠢ ᠪᠠᠶᠢᠭᠤᠯᠬᠤ ᠪᠠᠷ ᠴᠢᠷᠮᠠᠶᠢᠵᠤ᠂ ᠵᠠᠷᠭᠤ ᠶᠢᠨ ᠢᠷᠡᠯᠲᠡ ᠶᠢ ᠵᠠᠰᠠᠬᠤ ᠰᠢᠨ᠎ᠡ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠶᠤᠯ ᠲᠦᠭᠰᠢᠭᠦᠷᠢ ᠵᠢᠨ‌‍ᠬᠡᠮᠵᠢᠶ᠎ᠡ ᠶᠢ ᠪᠠᠭᠠᠰᠬᠠᠬᠤ ᠳᠤ ᠣᠶᠤᠨ ᠤ ᠲᠤᠯᠭᠠᠭᠤᠷᠢᠯᠠᠯ ᠬᠠᠩᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ