ᠭᠦᠭᠡᠬᠤᠳᠠ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠯ᠎ᠡ ᠵᠦᠢᠯ ᠤᠨ ᠡᠭᠦᠷᠭᠡ ᠶᠢ ᠭᠦᠨᠵᠡᠭᠡᠢ᠂ ᠨᠠᠷᠢᠯᠢᠭ᠂ ᠪᠣᠳᠠᠲᠠᠶᠢᠵᠢᠭᠤᠯᠵᠤ᠂ | ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠥᠷᠭᠡᠨ ᠭᠦᠨᠵᠡᠭᠡᠢ ᠥᠷᠨᠢᠭᠦᠯᠬᠦ ᠶᠢ ᠴᠢᠷᠮᠠᠶᠢᠨ ᠠᠬᠢᠭᠤᠯᠬᠤ ᠶᠢᠨ ᠲᠥᠯᠥᠭᠡ ᠲᠤᠰᠬᠠᠢ ᠬᠤᠷᠠᠯ | ᠬᠤᠷᠠᠯᠳᠤᠭᠤᠯᠵᠤ᠂ ᠪᠦᠭᠦ ᠬᠤᠳᠠ ᠶᠢᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠳᠤ ᠪᠠᠶᠢᠷᠢᠯᠠᠭᠤᠯᠤᠯᠲᠠ ᠬᠢᠪᠡ᠃ | ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠬᠦ ᠪᠣᠯ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ | ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠤᠬᠠᠭᠤᠯᠬᠤ᠂ ᠠᠮᠤᠷ ᠲᠦᠪᠰᠢᠨ ᠤ ᠲᠤᠬᠠᠢ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ | ᠨᠡᠶᠢᠭᠡᠮ ᠳᠠᠶᠠᠭᠠᠷ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠭᠦ ᠴᠢᠬᠤᠯᠠ ᠠᠷᠭ᠎ᠠ ᠬᠡᠮᠵᠢᠶ᠎ᠡ ᠪᠠ ᠪᠦᠲᠦᠮᠵᠢᠲᠡᠶ ᠭᠡᠯᠪᠡᠷᠢ ᠮᠥᠨ ᠭᠡᠳᠡᠭ ᠢ | ᠦᠢᠯᠡᠳᠦᠯᠭᠡ ᠭᠡᠷᠡᠴᠢᠯᠡᠭᠰᠡᠨ ᠪᠠᠶᠢᠨ᠎ᠠ᠃ ᠬᠤᠷᠠᠯ ᠠᠴᠠ ᠭᠦᠭᠡᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠣᠯᠣᠨ ᠰᠢᠨ᠎ᠡ ᠡᠭᠦᠷᠭᠡ ᠶᠢ ᠪᠦᠭᠦ ᠲᠠᠯ᠎ᠠ ᠪᠠᠷ | ᠵᠠᠳᠠᠯᠵᠤ᠂ ᠠᠵᠢᠯᠯᠠᠭ᠎ᠠ ᠶᠢᠨ ᠪᠠᠶᠢᠷᠢ ᠲᠣᠭᠲᠠᠭᠠᠯᠲᠠ ᠶᠢ ᠵᠥᠪ ᠡᠵᠡᠮᠳᠡᠵᠦ᠂ ᠠᠵᠢᠯᠯᠠᠭ᠎ᠠ ᠶᠢᠨ ᠠᠭᠤᠯᠭ᠎ᠠ᠂ ᠭᠡᠯᠪᠡᠷᠢ ᠪᠣᠯᠣᠨ ᠵᠣᠬᠢᠶᠠᠨ ᠪᠠᠶᠢᠭᠤᠯᠤᠯᠲᠠ ᠶᠢᠨ ᠠᠷᠭ᠎ᠠ | ᠭᠡᠯᠪᠡᠷᠢ ᠶᠢ ᠢᠳᠡᠪᠬᠢᠲᠡᠢ ᠰᠠᠶᠢᠵᠢᠷᠠᠭᠤᠯᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠳᠤ ᠲᠠᠰᠤᠷᠠᠯᠲᠠ ᠦᠭᠡᠢ ᠰᠢᠨ᠎ᠡ ᠠᠮᠢᠵᠢᠷᠠᠯ ᠤᠨ | ᠬᠦᠴᠦᠨ ᠣᠯᠭᠤᠵᠤ᠂ ᠪᠦᠭᠦ ᠨᠡᠶᠢᠭᠡᠮ ᠳᠤ ᠠᠮᠤᠷ ᠲᠦᠪᠰᠢᠨ ᠢᠶᠠᠷ ᠬᠥᠭᠵᠢᠭᠦᠯᠬᠦ ᠣᠶᠢᠯᠠᠭᠠᠭᠳᠠᠬᠤᠨ ᠢ ᠪᠠᠳᠠᠷᠠᠭᠤᠯᠬᠤ᠂ ᠠᠶᠤᠯᠭᠦᠢ ᠦᠢᠯᠡᠳᠪᠦᠷᠢᠯᠡᠯ ᠢ ᠳᠡᠮᠵᠢᠬᠦ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠪᠠ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | |