ᠭᠦᠭᠡᠬᠤᠲᠠ ᠶᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠥᠯᠢᠭᠡᠷ ᠶᠠᠷᠢᠬᠤ ᠤᠷᠤᠯᠳᠤᠭᠠᠨ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2024/6/17
      ᠭᠦᠭᠡᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠣᠯᠣᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠦᠭᠡᠬᠤᠳᠠ ᠶᠢᠨ ᠬᠤᠷᠢᠶ᠎ᠠ ᠠᠴᠠ ᠬᠠᠮᠲᠤᠷᠠᠨ ᠡᠷᠭᠢᠯᠡᠭᠰᠡᠨ ︽ᠨᠤᠲᠤᠭ ᠤᠨ ᠢᠶᠠᠨ ᠲᠡᠦᠬᠡ  ᠶᠢᠨ ᠳᠤᠷᠠᠰᠬᠠᠯᠲᠤ ᠵᠦᠢᠯᠡᠰ ᠢ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠲᠤᠬᠠᠢ ᠥᠭᠦᠯᠡᠶ᠎ᠡ︾ - ︽ᠰᠣᠨᠣᠰᠤᠭᠠᠴᠢ᠂ ᠲᠡᠦᠬᠡ ᠶᠢᠨ ᠳᠤᠷᠠᠰᠬᠠᠯᠲᠤ ᠵᠦᠢᠯᠡᠰ ᠶᠠᠷᠢᠵᠤ ᠪᠠᠶᠢᠨ᠎ᠠ︾ ᠬᠡᠮᠡᠬᠦ ᠭᠦᠭᠡᠬᠤᠲᠠ ᠶᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠶᠠᠷᠢᠬᠤ ᠤᠷᠤᠯᠳᠤᠭᠠᠨ ᠡᠮᠦᠨᠡᠬᠡᠨ ᠭᠦᠭᠡᠬᠤᠲᠠ ᠶᠢᠨ ᠮᠦᠽᠧᠢ ᠳᠤ ᠡᠬᠢᠯᠡᠪᠡ᠃      ᠲᠣᠰ ᠤᠳᠠᠭ᠎ᠠ ᠶᠢᠨ ᠤᠷᠤᠯᠳᠤᠭᠠᠨ ᠨᠢ ᠪᠦᠭᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠢ ᠪᠦᠭᠦᠨ ᠢ ᠬᠠᠮᠤᠷᠴᠤ᠂ ᠤᠷᠤᠯᠳᠤᠭᠠᠨ ᠳᠤ ᠣᠷᠣᠯᠴᠠᠭᠰᠠᠳ ᠬᠡᠦᠬᠡᠳ ᠤᠨ ᠦᠭᠡ ᠪᠠᠷ ᠬᠥᠮᠥᠨᠴᠢᠯᠡᠨ ᠶᠠᠷᠢᠬᠤ᠂ ᠥᠯᠢᠭᠡᠷ ᠶᠠᠷᠢᠬᠤ᠂ ᠬᠠᠷᠢᠯᠴᠠᠨ ᠦᠢᠯᠡᠳᠦᠯᠴᠡᠬᠦ ᠭᠡᠯᠪᠡᠷᠢ ᠪᠠᠷ ᠳᠠᠮᠵᠢᠨ ᠮᠦᠽᠧᠢ ᠳᠤ ᠬᠠᠳᠠᠭᠠᠯᠠᠭᠳᠠᠵᠤ ᠪᠠᠶᠢᠬᠤ ᠲᠡᠦᠬᠡ ᠶᠢᠨ ᠳᠤᠷᠠᠰᠬᠠᠯᠲᠤ ᠵᠦᠢᠯᠡᠰ ᠲᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠢ ᠲᠣᠭᠠᠴᠢᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠲᠤ ᠪᠠᠶᠢᠷᠢᠰᠢᠯ ᠢ ᠢᠯᠡᠷᠡᠭᠦᠯᠦᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠳᠤᠮᠳᠠᠳᠤ  ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠳᠤᠮᠳᠠᠳᠤ ᠤᠯᠤᠰ ᠤᠨ ᠲᠡᠦᠬᠡ ᠰᠣᠶᠣᠯ ᠤᠨ ᠭᠦᠨ ᠵᠤᠵᠠᠭᠠᠨ ᠠᠭᠤᠯᠭ᠎ᠠ ᠶᠢ ᠭᠦᠨᠵᠡᠭᠡᠢ ᠮᠡᠳᠡᠷᠡᠨ᠂ ᠲᠡᠦᠬᠡ ᠶᠢᠨ ᠳᠤᠷᠠᠰᠬᠠᠯᠲᠤ ᠵᠦᠢᠯᠡᠰ ᠲᠤ ᠠᠭᠤᠯᠤᠭᠳᠠᠵᠤ ᠪᠠᠶᠢᠭ᠎ᠠ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠥᠷᠲᠡᠭ ᠢ ᠲᠠᠨᠢᠵᠤ᠂ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠭᠤᠣᠯ ᠭᠦᠭ ᠠᠶᠠᠰ ᠢ ᠴᠤᠤᠷᠢᠶᠠᠲᠤᠭᠤᠯᠬᠤ ᠶᠢ ᠵᠣᠷᠢᠭᠵᠢᠭᠤᠯᠵᠠᠢ᠃      ᠠᠵᠢᠯᠯᠠᠭ᠎ᠠ ᠶᠢᠨ ᠳᠤᠮᠳᠠ᠂ ᠭᠦᠭᠡᠬᠤᠲᠠ ᠶᠢᠨ ᠮᠦᠽᠧᠢ ᠶᠢᠨ ᠠᠵᠢᠯᠲᠠᠨ︽ᠨᠤᠲᠤᠭ ᠤᠨ ᠢᠶᠠᠨ ᠲᠡᠦᠬᠡ ᠶᠢᠨ ᠳᠤᠷᠠᠰᠬᠠᠯᠲᠤ ᠵᠦᠢᠯᠡᠰ ᠢ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠲᠤᠬᠠᠢ ᠥᠭᠦᠯᠡᠶ᠎ᠡ︾ - ︽ᠰᠣᠨᠣᠰᠤᠭᠠᠴᠢ᠂ ᠲᠡᠦᠬᠡ ᠶᠢᠨ ᠳᠤᠷᠠᠰᠬᠠᠯᠲᠤ ᠵᠦᠢᠯᠡᠰ ᠶᠠᠷᠢᠵᠤ ᠪᠠᠶᠢᠨ᠎ᠠ︾ ᠭᠡᠬᠦ ᠭᠦᠭᠡᠬᠤᠲᠠ  ᠶᠢᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠶᠠᠷᠢᠬᠤ ᠤᠷᠤᠯᠳᠤᠭᠠᠨ ᠤ ᠵᠠᠷᠯᠠᠯ ᠢ ᠨᠡᠶᠢᠲᠡᠯᠡᠵᠦ᠂ ᠭᠤᠣᠯᠯᠠᠨ ᠡᠷᠭᠢᠯᠡᠭᠴᠢ ᠨᠢᠭᠡᠴᠢ ᠠᠴᠠ ᠤᠷᠤᠯᠳᠤᠭᠠᠨ ᠤ ᠠᠯᠬᠤᠮ ᠳᠠᠷᠠᠭ᠎ᠠ᠂ ᠤᠷᠤᠯᠳᠤᠭᠠᠨ ᠤ ᠳᠦᠷᠢᠮ ᠵᠡᠷᠭᠡ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠬᠢᠨᠠᠭᠴᠢ ᠶᠢᠨ ᠳᠤᠭᠤᠶᠢᠯᠠᠩ ᠤᠨ ᠪᠦᠷᠢᠯᠳᠦᠭᠦᠨ ᠳᠤ ᠵᠥᠪᠯᠡᠭᠴᠢ ᠶᠢᠨ ᠤᠷᠢᠯᠭ᠎ᠠ ᠶᠢᠨ ᠪᠢᠴᠢᠭ ᠭᠠᠷᠳᠠᠭᠤᠯᠵᠠᠢ᠃ 3 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠡᠨᠡ ᠬᠦ ᠤᠷᠤᠯᠳᠤᠭᠠᠨ ᠨᠢ ᠭᠦᠭᠡᠬᠤᠳᠠ ᠶᠢᠨ 2024 ᠣᠨ ᠤ ︽ᠦᠨᠳᠦᠰᠦᠲᠡᠨ ᠤ ᠲᠥᠷᠥ  ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ 12 ᠵᠦᠢᠯ ᠤᠨ ᠭᠤᠣᠯ ᠰᠡᠳᠦᠪᠲᠦ ᠠᠵᠢᠯᠯᠠᠭ᠎ᠠ ᠶᠢᠨ ᠴᠢᠬᠤᠯᠠ ᠨᠢᠭᠡᠨ ᠠᠭᠤᠯᠭ᠎ᠠ ᠪᠣᠯᠣᠨ᠎ᠠ᠃     ᠡᠭᠢᠯᠡᠯᠳᠡ ᠶᠢᠨ ᠶᠣᠰᠣᠯᠠᠯ ᠤᠨ ᠳᠠᠷᠠᠭ᠎ᠠ᠂ ᠭᠤᠣᠯᠯᠠᠨ ᠡᠷᠭᠢᠯᠡᠭᠴᠢ ᠨᠢᠭᠡᠴᠢ ᠶᠢᠨ ᠬᠢᠨ ᠤᠷᠤᠯᠳᠤᠭᠠᠨ ᠳᠤ ᠣᠷᠣᠯᠴᠠᠭᠰᠠᠳ ᠢ ᠵᠣᠬᠢᠶᠠᠨ ᠪᠠᠶᠢᠭᠤᠯᠵᠤ ᠮᠦᠽᠧᠢ ᠪᠠᠷ ᠲᠣᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ ᠭᠦᠭᠡᠬᠤᠲᠠ ᠶᠢᠨ ᠮᠦᠽᠧᠢ ᠶᠢᠨ ︽ᠪᠣᠯᠪᠠᠰᠤᠨ ᠤ ᠤᠯᠠ ᠮᠥᠷ - ᠭᠦᠭᠡᠬᠤᠲᠠ ᠶᠢᠨ ᠲᠡᠦᠬᠡ ᠰᠣᠶᠣᠯ ᠤᠨ ᠳᠤᠷᠠᠰᠬᠠᠯᠲᠤ ᠵᠦᠢᠯᠡᠰ ᠤᠨ ᠲᠤᠰᠬᠠᠢ ᠰᠡᠳᠦᠪᠲᠦ ᠦᠵᠡᠰᠭᠦᠯᠡᠩ︾ ᠪᠠ ︽5·18︾ ᠤ ᠣᠯᠠᠨ ᠤᠯᠤᠰ ᠤᠨ ᠮᠦᠽᠧᠢ ᠶᠢᠨ ᠡᠳᠦᠷ ᠤᠨ ᠬᠤᠭᠤᠴᠠᠭᠠᠨ ᠳᠤ ᠭᠠᠷᠭᠠᠭᠰᠠᠨ︽ᠱᠣ᠋ ᠶᠢᠨ ᠠᠰᠠᠭᠤᠯᠳᠠ - ᠵᠡᠭᠦᠨ ᠵᠧᠦ ᠤᠯᠤᠰ ᠤᠨ ᠦᠶ᠎ᠡ ᠶᠢᠨ ᠱᠣ᠋ ᠤᠯᠤᠰ ᠤᠨ ᠰᠣᠶᠣᠯ ᠤᠨ ᠦᠵᠡᠰᠭᠦᠯᠡᠩ︾ ᠢ ᠬᠠᠮᠲᠤ ᠪᠠᠷ ᠲᠣᠭᠤᠷᠢᠨ ᠦᠵᠡᠵᠡᠢ᠃ ᠭᠦᠭᠡᠬᠤᠳᠠ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ ᠰᠠᠶᠢᠲᠤᠷ ᠶᠠᠷᠢᠬᠤ ᠪᠠᠷ ᠳᠠᠮᠵᠢᠨ ᠡᠨᠡ ᠨᠤᠲᠤᠭ ᠲᠤ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠢᠷᠠᠭᠤ ᠲᠡᠦᠬᠡ ᠶᠢ ᠭᠦᠢᠴᠡᠳ ᠢᠯᠡᠷᠡᠭᠦᠯᠵᠦ᠂ ᠤᠷᠤᠯᠳᠤᠭᠠᠨ ᠳᠤ ᠣᠷᠣᠯᠴᠠᠭᠰᠠᠳ ᠤᠨ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠦᠯᠢᠭᠡᠷ᠂ ᠳᠤᠮᠳᠠᠳᠤ ᠶᠢᠨ ᠪᠣᠯᠪᠠᠰᠤᠨ ᠤ ᠣᠯᠠᠨ ᠡᠰᠢᠲᠦ ᠨᠢᠭᠡ ᠴᠣᠭᠴᠠ ᠵᠡᠷᠭᠡ ᠦᠵᠡᠯ ᠰᠠᠨᠠᠭᠠᠨ ᠤ ᠠᠭᠤᠯᠤᠭᠳᠠᠬᠤᠨ ᠳᠤ ᠲᠠᠶᠢᠯᠤᠮᠵᠢ ᠬᠢᠬᠦ ᠶᠢ ᠬᠥᠲᠥᠯᠥᠨ ᠵᠢᠯᠤᠭᠤᠳᠴᠤ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠢᠳᠡᠪᠬᠢᠲᠡᠢ ᠪᠦᠲᠦᠭᠡᠨ ᠪᠠᠶᠢᠭᠤᠯᠤᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠬᠥᠲᠥᠯᠥᠨ ᠵᠢᠯᠣᠭᠤᠳᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ