ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠠᠩᠬᠠᠳᠠᠭᠴᠢ ᠭᠠᠳᠠᠭᠠᠳᠤ ᠠᠴᠠ ᠣᠷᠣᠭᠤᠯᠤᠭᠰᠠᠨ ᠠᠯᠲᠠᠨ ᠤ ᠮᠠᠲ᠋ᠧᠷᠢᠶᠠᠯ ᠪᠣᠭᠤᠮᠲᠠ ᠪᠠᠷ ᠤᠷᠤᠭᠰᠢᠲᠠᠢ ᠥᠩᠭᠡᠷᠡᠪᠡ
ᠨᠡᠶᠢᠲᠡᠯᠡᠭᠰᠡᠨ ᠴᠠᠭ᠄
2024/6/18
       ︵ᠰᠤᠷᠪᠤᠯᠵᠢᠯᠠᠭᠴᠢ ᠶᠦᠨ ᠶᠠᠨ ᠹᠠᠩ︶ ᠲᠦᠷᠦᠭᠦᠬᠡᠨ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠪᠣᠯᠬᠤ ᠬᠥᠬᠡᠬᠤᠲᠠ ᠶᠢᠨ ᠶᠢᠨ ᠪᠦᠦ ᠬᠠᠩᠭᠠᠯᠭ᠎ᠠ ᠶᠢᠨ ᠬᠡᠯᠬᠢᠶ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠭᠠᠳᠠᠭᠠᠳᠤ ᠠᠴᠠ ᠣᠷᠣᠭᠤᠯᠤᠭᠰᠠᠨ ᠠᠯᠲᠠᠨ ᠤ  ᠮᠠᠲ᠋ᠧᠷᠢᠶᠠᠯ  ᠪᠣᠭᠤᠮᠲᠠ ᠪᠠᠷ ᠤᠷᠤᠭᠰᠢᠲᠠᠢ ᠥᠩᠭᠡᠷᠡᠪᠡ᠃ ᠡᠨᠡ ᠪᠣᠯ 5 ᠳ᠋ᠤᠭᠠᠷ ᠰᠠᠷ᠎ᠠ ᠶᠢᠨ 28 ᠤ ᠡᠳᠦᠷ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ︽ᠠᠵᠢᠯ ᠤᠨ ᠲᠤᠰᠬᠠᠢ ᠠᠩᠭᠢ︾ ᠱᠧᠨᠵᠧᠨ ᠳᠤ ᠬᠦᠷᠴᠦ ᠠᠯᠲᠠ ᠪᠣᠯᠪᠠᠰᠤᠷᠠᠭᠤᠯᠬᠤ ᠠᠷᠠᠯᠵᠢᠶᠠᠨ ᠤ ᠬᠡᠯᠡᠯᠴᠡᠭᠡᠷ ᠲᠣᠭᠲᠠᠬᠤ ᠶᠢ ᠠᠬᠢᠭᠤᠯᠤᠭᠰᠠᠨ ᠠᠴᠠ ᠨᠠᠭᠠᠰᠢ᠂ ᠠᠩᠬᠠᠳᠠᠭᠴᠢ  ᠠᠯᠲᠠ ᠪᠣᠯᠪᠠᠰᠤᠷᠠᠭᠤᠯᠬᠤ ᠠᠷᠠᠯᠵᠢᠶᠠᠨ ᠤ ᠲᠤᠬᠠᠶᠢᠯᠠᠭᠰᠠᠨ ᠠᠵᠢᠯ ᠢ ᠡᠬᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠶᠢ 5400 ᠭᠠᠷᠤᠶ ᠲᠦᠮᠡᠨ ᠲᠥᠭᠦᠷᠢᠭ ᠨᠡᠮᠡᠭᠳᠡᠭᠦᠯᠵᠦ᠂ ᠬᠥᠬᠡᠬᠤᠲᠠ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠤᠬᠠᠶᠢᠯᠠᠭᠰᠠᠨ ᠠᠵᠢᠯ ᠳᠤ ᠨᠢᠭᠡᠨ ᠴᠤ᠋ ᠰᠢᠨ᠎ᠡ ︽ᠰᠢᠵᠢᠷ ᠠᠯᠲᠠᠨ ᠵᠠᠮ︾ ᠬᠠᠩᠭᠠᠭᠰᠠᠨ ᠪᠠᠶᠢᠨ᠎ᠠ᠃      ᠲᠤᠰ ᠲᠤᠬᠠᠢᠯᠠᠭᠰᠠᠨ ᠠᠵᠢᠯ ᠨᠢ ᠬᠥᠬᠡᠬᠤᠲᠠ ᠶᠢᠨ ᠶᠢᠨ ᠪᠤᠤ ᠬᠠᠩᠭᠠᠯᠭ᠎ᠠ ᠶᠢᠨ ᠬᠡᠯᠬᠢᠶ᠎ᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠰᠢᠶᠠᠩᠭᠠᠩ ᠠᠴᠠ ᠣᠷᠣᠭᠤᠯᠤᠭᠰᠠᠨ ᠪᠠᠷᠠᠭᠠᠨ ᠤ ᠥᠷᠲᠡᠭ ᠨᠢ 2700 ᠲᠦᠮᠡᠨ ᠲᠥᠭᠦᠷᠢᠭ ᠬᠦᠷᠴᠦ᠂ ᠱᠧᠨᠵᠧᠨ ᠬᠤᠲᠠ ᠶᠢᠨ ᠼᠦᠢ ᠯᠢᠦᠢ ᠠᠯᠲᠠ ᠨᠠᠷᠢᠯᠢᠭ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠪᠠᠷ ᠳᠠᠮᠵᠢᠨ ᠪᠤᠯᠪᠠᠰᠤᠷᠠᠭᠤᠯᠤᠭᠰᠠᠨ ᠤ ᠳᠠᠷᠠᠭ᠎ᠠ᠂ ᠪᠦᠲᠦᠭᠡᠭᠳᠡᠬᠦᠨ ᠨᠢ LBMA ︵ᠯᠣᠨᠳᠣᠨ ᠤ ᠠᠯᠲᠠ ᠮᠥᠩᠭᠦᠨ ᠤ ᠵᠠᠬ᠎ᠠ ᠳᠡᠯᠭᠡᠭᠦᠷ ᠤᠨ ᠨᠡᠢᠭᠡᠮᠯᠢᠭ︶ ᠤᠨ ᠭᠡᠷᠡᠴᠢᠯᠡᠭᠰᠡᠨ ᠬᠡᠰᠡᠭᠲᠦ ᠠᠯᠲᠠ ᠪᠣᠯᠵᠤ᠂ 6 ᠳ᠋ᠤᠭᠠᠷ ᠰᠠᠷ᠎ᠠ ᠶᠢᠨ 14 ᠤ ᠡᠳᠦᠷ ᠰᠢᠶᠠᠩᠭᠠᠩ ᠣᠷᠣᠨ ᠳᠤ ᠭᠠᠷᠭᠠᠪᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠴᠢᠳᠠᠮᠵᠢ ᠪᠠ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠪᠠᠷ ᠳᠠᠮᠵᠢᠭᠤᠯᠤᠨ᠂ ᠲᠣᠰ ᠲᠥᠷᠥᠯ ᠵᠦᠢᠯ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠠᠵᠤ ᠦᠢᠯᠡᠳᠪᠦᠷᠢ ᠠᠷᠠᠯᠵᠢᠶᠠᠨ ᠤ ᠲᠤᠭ᠎ᠠ ᠶᠢ 20 ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠣᠯᠤᠮᠵᠢ ᠲᠠᠢ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ︽ᠰᠢᠵᠢᠷ ᠠᠯᠲᠠᠨ ᠤ ᠵᠠᠮ︾ ᠤᠨ ᠲᠤᠬᠠᠶᠢᠯᠠᠭᠰᠠᠨ ᠠᠵᠢᠯ ᠤᠨ ᠵᠠᠭᠪᠤᠷ ᠲᠤ ᠦᠷᠭᠦᠯᠵᠢᠯᠡᠨ ᠰᠢᠨ᠎ᠡ ᠶᠢ ᠡᠭᠦᠳᠴᠦ᠂ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠪᠠᠶᠢᠳᠠᠯ ᠢ ᠥᠷᠭᠡᠳᠬᠡᠨ᠂ ᠦᠨᠡᠲᠦ ᠲᠡᠮᠦᠷᠯᠢᠭ ᠤᠨ ᠲᠤᠬᠠᠶᠢᠯᠠᠭᠰᠠᠨ ᠠᠵᠢᠯ ᠤᠨ ᠳᠡᠯᠡᠬᠡᠶᠢᠵᠢᠯᠲᠡ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠡᠷᠡᠭᠯᠡᠭᠡᠨ ᠤ ᠬᠦᠷᠢᠶ᠎ᠡ ᠶᠢ ᠪᠥᠬᠦ ᠲᠠᠯ᠎ᠠ ᠪᠠᠷ ᠥᠷᠭᠡᠳᠬᠡᠨ᠂ ᠠᠵᠢᠯ ᠲᠥᠷᠥᠯ ᠤᠨ ᠬᠥᠭᠵᠢᠯᠲᠡ ᠶᠢᠨ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠪᠠᠶᠢᠳᠠᠯ ᠢ ᠬᠠᠶᠢᠨ ᠰᠦᠪᠡᠭᠴᠢᠯᠡᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠦᠨᠡᠲᠦ ᠲᠡᠮᠦᠷᠯᠢᠭ ᠤᠨ ᠠᠷᠠᠯᠵᠢᠶᠠᠨ ᠤ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠬᠥᠬᠡᠬᠤᠲᠠ ᠶᠢᠨ ᠥᠨᠳᠥᠷ ᠬᠢᠷᠢ ᠲᠦᠪᠰᠢᠨ ᠲᠠᠢ ᠭᠠᠳᠠᠭᠠᠳᠤ ᠨᠡᠭᠡᠭᠡᠯᠲᠡ ᠶᠢ ᠠᠬᠢᠭᠤᠯᠬᠤ᠂ ᠭᠠᠳᠠᠭᠰᠢ ᠬᠠᠨᠳᠤᠭᠤᠯᠤᠭᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ