2024 ᠣᠨ ᠤ ᠬᠥᠬᠡᠬᠤᠲᠠ ᠶᠢᠨ ︽ᠬᠥᠬᠡᠬᠤᠲᠠ ᠳᠤ ᠨᠤᠲᠤᠭᠯᠠᠵᠤ᠂ ᠬᠦᠬᠡᠬᠤᠲᠠ ᠳᠤ ᠬᠦᠰᠡᠯ ᠢᠶᠠᠨ ᠲᠡᠷᠭᠡᠯᠰᠢᠭᠦᠯᠦᠶ᠎ᠡ︾ ᠰᠦᠯᠵᠢᠶᠡᠨ ᠳᠡᠭᠡᠷᠡᠬᠢ ᠣᠷᠣᠨ ᠰᠠᠭᠤᠴᠠ ᠶᠢᠨ ᠦᠵᠡᠭᠦᠯᠦᠯᠭᠡ ᠶᠢᠨ ᠴᠤᠭᠯᠠᠭᠠᠨ ᠵᠢᠴᠢ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ ᠡᠬᠢᠯᠡᠪᠡ
ᠨᠡᠶᠢᠲᠡᠯᠡᠭᠰᠡᠨ ᠴᠠᠭ᠄
2024/6/19
      ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ ᠰᠠᠷ᠎ᠠ ᠶᠢᠨ 18 ᠤ ᠡᠳᠦᠷ᠂ 2024 ᠣᠨ ᠤ ᠬᠥᠬᠡᠬᠤᠲᠠ ᠶᠢᠨ ︽ᠬᠥᠬᠡᠬᠤᠲᠠ ᠳᠤ ᠨᠤᠲᠤᠭᠯᠠᠵᠤ᠂ ᠬᠦᠬᠡᠬᠤᠲᠠ ᠳᠤ ᠬᠦᠰᠡᠯ ᠢᠶᠠᠨ ᠲᠡᠷᠭᠡᠯᠰᠢᠭᠦᠯᠦᠶ᠎ᠡ︾ ᠰᠦᠯᠵᠢᠶᠡᠨ ᠳᠡᠭᠡᠷᠡᠬᠢ ᠣᠷᠣᠨ ᠰᠠᠭᠤᠴᠠ ᠶᠢᠨ ᠦᠵᠡᠭᠦᠯᠦᠯᠭᠡ ᠵᠢᠴᠢ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠶᠠᠪᠤᠭᠳᠠᠪᠠ᠃      ᠲᠣᠰ ᠤᠳᠠᠭᠠᠨ ᠤ ᠣᠷᠣᠨ ᠰᠠᠭᠤᠴᠠ ᠶᠢᠨ ᠦᠵᠡᠭᠦᠯᠦᠯᠭᠡ ᠶᠢ ᠰᠦᠯᠵᠢᠶᠡᠨ ᠭᠠᠳᠠᠨ᠎ᠠ ᠡᠬᠢᠯᠡᠭᠦᠯᠵᠦ᠂ ᠰᠦᠯᠵᠢᠶᠡᠨ ᠳᠡᠭᠡᠷ᠎ᠡ ᠳᠡᠯᠭᠡᠨ ᠦᠵᠡᠭᠦᠯᠵᠦ᠂       ︽ᠬᠥᠬᠡᠬᠤᠲᠠ ᠶᠢᠨ ᠰᠠᠶᠢᠨ ᠣᠷᠣᠨ ᠰᠠᠭᠤᠴᠠ︾ ᠶᠢ ᠲᠣᠭᠤᠷᠢᠨ ᠦᠵᠡᠵᠦ ᠰᠢᠯᠭᠠᠷᠠᠭᠤᠯᠬᠤ ᠵᠢᠴᠢ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ ᠤᠨ ᠬᠡᠯᠪᠡᠷᠢ ᠪᠠᠷ ᠥᠷᠨᠢᠭᠦᠯᠵᠦ᠂ ᠰᠢᠨ᠎ᠡ ᠪᠠᠷ ᠪᠠᠶᠢᠭᠤᠯᠤᠭᠰᠠᠨ 36 ᠲᠠᠸᠠᠷ ᠤᠨ ᠭᠡᠷ ᠪᠠᠶᠢᠰᠢᠩ ᠤᠨ ᠲᠥᠷᠥᠯ ᠵᠦᠢᠯ᠂ 7 ᠬᠡᠷ ᠬᠥᠷᠥᠩᠭᠡ ᠶᠢᠨ ᠵᠠᠭᠤᠴᠢ ᠪᠠᠶᠢᠭᠤᠯᠤᠮᠵᠢ᠂ 5 ᠮᠥᠩᠭᠦᠨ ᠭᠦᠢᠯᠭᠡᠭᠡᠨ ᠤ ᠪᠠᠶᠢᠭᠤᠯᠤᠮᠵᠢ ᠦᠵᠡᠭᠦᠯᠦᠯᠭᠡ ᠳᠤ ᠣᠷᠣᠯᠴᠠᠵᠤ᠂ ᠡᠭᠦᠨ ᠠᠴᠠ ᠭᠠᠳᠠᠨ᠎ᠠ ᠪᠠᠰᠠ ᠰᠢᠨ᠎ᠡ ᠪᠠᠷ ᠪᠠᠶᠢᠭᠤᠯᠤᠭᠰᠠᠨ 5 ᠲᠠᠸᠠᠷ ᠤᠨ ᠬᠡᠷ ᠪᠠᠶᠢᠰᠢᠩ ᠤᠨ ᠲᠥᠷᠥᠯ ᠵᠦᠢᠯ ᠨᠢ ︽ᠴᠤᠯ ᠦᠵᠡᠭᠦᠯᠦᠯᠭᠡ︾ ᠶᠢᠨ ᠬᠡᠯᠪᠡᠷᠢ ᠪᠠᠷ ᠣᠷᠣᠯᠴᠠᠬᠤ ᠪᠣᠯᠤᠨ᠎ᠠ᠃      ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠂ ᠬᠥᠬᠡᠬᠤᠲᠠ ᠶᠢᠨ ᠠᠩᠬ᠎ᠠ ᠤᠳᠠᠭ᠎ᠠ ᠠᠩᠬᠠᠨ ᠤ ᠬᠡᠷ ᠪᠠᠶᠢᠰᠢᠩ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢᠨ ᠨᠥᠬᠦᠪᠥᠷᠢ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠵᠡᠷᠭᠡ ᠠᠷᠭ᠎ᠠ ᠬᠡᠮᠵᠢᠶ᠎ᠡ ᠶᠢᠨ ᠰᠠᠭᠤᠷᠢᠨ ᠳᠡᠭᠡᠷ᠎ᠡ᠂ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ᠂ ᠣᠯᠠᠨ ᠬᠡᠦᠬᠡᠳ ᠲᠠᠢ ᠭᠡᠷ ᠪᠦᠯᠢ ᠶᠢᠨ ᠬᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ ᠵᠢᠴᠢ ᠬᠡᠷ ᠪᠠᠶᠢᠰᠢᠩ ᠬᠤᠳᠠᠯᠳᠤᠨ ᠠᠪᠬᠤ ︽ᠬᠡᠷ ᠤᠨ ᠴᠠᠬᠢᠯᠭᠠᠨ ᠬᠡᠷᠡᠭᠰᠡᠯ ᠤᠨ ᠲᠡᠮᠳᠡᠭᠲᠦ︾ ᠶᠢᠨ ᠨᠥᠬᠦᠪᠥᠷᠢ ᠵᠡᠷᠭᠡ ᠠᠰᠢᠭᠲᠠᠢ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠪᠡ︔ ᠡᠭᠦᠨ ᠤ ᠬᠠᠮᠲᠤ᠂ ᠦᠵᠡᠭᠦᠯᠦᠯᠭᠡ ᠳᠤ ᠣᠷᠣᠯᠴᠠᠭᠰᠠᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠤᠨ ᠲᠥᠷᠥᠯ ᠵᠦᠢᠯ ᠨᠢ ᠴᠦ ᠲᠣᠰ ᠤᠳᠠᠭᠠᠨ ᠤ ᠬᠡᠷ ᠪᠠᠶᠢᠰᠢᠩ ᠤᠨ ᠦᠵᠡᠭᠦᠯᠦᠯᠭᠡ ᠳᠤ ᠴᠢᠭᠯᠡᠭᠦᠯᠦᠨ ᠣᠯᠠᠨ ᠵᠦᠢᠯ ᠤᠨ ᠥᠪᠡᠷᠮᠢᠴᠡ ᠬᠠᠷᠠᠭᠠᠯᠵᠠᠯ ᠤᠨ ᠠᠷᠭ᠎ᠠ ᠬᠡᠮᠵᠢᠶ᠎ᠡ ᠲᠣᠭᠲᠠᠭᠠᠨ᠂ ᠵᠠᠰᠠᠭ ᠤᠨ ᠣᠷᠳᠣᠨ ᠠᠴᠠ ᠬᠥᠲᠥᠯᠦᠨ ᠳᠠᠭᠠᠭᠤᠯᠵᠤ᠂ ᠣᠯᠠᠨ ᠲᠠᠯ᠎ᠠ ᠠᠴᠠ ᠬᠦᠴᠦᠯᠡᠵᠦ᠂ ᠠᠷᠠᠳ ᠲᠤ ᠠᠰᠢᠭ ᠬᠦᠷᠲᠡᠭᠡᠵᠦ᠂ ᠦᠨᠡᠨ ᠰᠡᠳᠭᠢᠯ ᠠᠴᠠ ᠪᠠᠨ ᠬᠠᠷᠠᠭᠠᠯᠵᠠᠯᠠᠯ ᠦᠵᠡᠭᠦᠯᠵᠦ᠂ ᠥᠷᠭᠡᠨ ᠣᠯᠠᠨ ᠲᠦᠮᠡᠨ ᠤ ᠬᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠳᠡᠮᠵᠢᠪᠡ᠃ ᠡᠭᠦᠨ ᠠᠴᠠ ᠭᠠᠳᠠᠨ᠎ᠠ᠂ ᠬᠤᠲᠠ ᠶᠢᠨ ᠬᠡᠷ ᠪᠠᠶᠢᠰᠢᠩ ᠤᠨ ᠨᠡᠶᠢᠭᠡᠮᠯᠢᠭ ᠠᠴᠠ ︽ᠬᠥᠬᠡᠬᠤᠲᠠ ᠶᠢᠨ ᠰᠠᠶᠢᠨ ᠣᠷᠣᠨ ᠰᠠᠭᠤᠴᠠ︾ ᠸᠢᠴᠠᠲ ᠤᠨ ᠵᠢᠵᠢᠭ ᠫᠷᠤᠭ᠍ᠷᠠᠮ ᠤᠨ ᠲᠠᠪᠴᠠᠩ ᠢ ᠪᠠᠶᠢᠭᠤᠯᠤᠭᠰᠠᠨ ᠪᠥᠭᠡᠳ ᠬᠡᠷ ᠪᠠᠶᠢᠰᠢᠩ ᠬᠤᠳᠠᠯᠳᠤᠨ ᠠᠪᠤᠭᠴᠢ ᠠᠴᠠ ᠦᠵᠡᠭᠦᠯᠦᠯᠭᠡ ᠳᠤ ᠣᠷᠣᠯᠴᠠᠭᠰᠠᠨ ᠠᠰᠠᠷ ᠪᠠᠷᠢᠯᠭ᠎ᠠ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠦᠵᠡᠬᠦ ᠳᠤ ᠲᠥᠬᠦᠮ ᠪᠣᠯᠭᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ᠂ ᠳᠥᠷᠪᠡᠳᠦᠭᠡᠷ ᠦᠶ᠎ᠡ ᠶᠢᠨ ᠣᠷᠣᠨ ᠰᠠᠭᠤᠴᠠ ᠶᠢᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠪᠠ ᠬᠡᠷᠡᠭᠯᠡᠯᠲᠡ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠵᠠᠳᠠᠯᠤᠯᠲᠠ ᠵᠡᠷᠭᠡ ᠲᠠᠯ᠎ᠠ ᠪᠠᠷ ᠣᠯᠠᠨ ᠲᠠᠢ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃        
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ