ᠡᠨᠡ ᠵᠢᠯ ᠤᠨ ᠲᠦᠷᠦᠭᠦᠤ 5 ᠰᠠᠷ᠎ᠠ ᠳᠤ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠳᠡᠭ 100 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/6/19
      ︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠤᠢ ᠹᠧᠩ︶ ᠰᠠᠶᠢᠬᠠᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 5 ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 100.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 31.1% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 54 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 39.5% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 46.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠪᠡ᠃ ᠢᠯᠠᠩᠭᠤᠶ᠎ᠠ       5 ᠳ᠋ᠤᠭᠠᠷ ᠰᠠᠷ᠎ᠠ ᠶᠢᠨ ᠭᠠᠭᠴᠠ ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶ᠎ᠠ ᠲᠦᠷᠭᠡᠨ ᠨᠡᠮᠡᠭᠳᠡᠬᠦ ᠬᠠᠨᠳᠤᠰᠢ ᠲᠠᠢ ᠪᠤᠯᠵᠤ᠂ ᠭᠠᠭᠴᠠ ᠰᠠᠷ᠎ᠠ ᠳᠤ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ       27.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 93% ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 17 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 202.8% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 10.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 21.2% ᠪᠠᠷ ᠨᠡᠮᠡᠭᠳᠡᠪᠡ᠃      ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠥᠬᠡᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠮᠥᠨ ᠬᠦ ᠭᠠᠳᠠᠭᠠᠳᠤ ᠠᠷᠠᠯᠵᠢᠶᠠᠨ ᠤ ᠭᠤᠤᠯ ᠬᠦᠴᠦᠨ ᠤ ᠪᠠᠶᠢᠷᠢ ᠰᠠᠭᠤᠷᠢ ᠪᠠᠨ ᠪᠠᠲᠤᠯᠠᠵᠤ᠂ ᠡᠨᠡ ᠵᠢᠯ ᠤᠨ ᠲᠦᠷᠦᠭᠦᠤ 5 ᠰᠠᠷ᠎ᠠ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 73.8 ᠳ᠋ᠦᠩᠰᠢᠭᠤᠷ ᠲᠥᠭᠦᠷᠢᠭ ᠬᠦᠷᠴᠦ᠂       56.3% ᠪᠠᠷ ᠨᠡᠮᠡᠭᠳᠡᠨ᠂ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠥᠷᠲᠡᠭ ᠤᠨ 73.4% ᠶᠢ ᠡᠵᠡᠯᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠠᠴᠠ ᠠᠪᠴᠤ ᠦᠵᠡᠪᠡᠯ᠂ ᠭᠠᠳᠠᠭᠠᠳᠤ ᠠᠴᠠ ᠣᠷᠣᠭᠤᠯᠤᠭᠰᠠᠨ ᠨᠢ ᠪᠣᠯᠪᠠᠰᠤᠷᠠᠭᠤᠯᠤᠭᠰᠠᠨ ᠲᠣᠰᠣ ᠪᠠᠷ ᠭᠤᠣᠯ ᠪᠣᠯᠭᠠᠵᠤ᠂ ᠭᠠᠳᠠᠭᠠᠳᠤ ᠠᠴᠠ ᠣᠷᠣᠭᠤᠯᠤᠭᠰᠠᠨ ᠥᠷᠲᠡᠭ ᠨᠢ 28.7 ᠳ᠋ᠦᠩᠰᠢᠭᠤᠷ ᠲᠥᠭᠦᠷᠢᠭ ᠬᠦᠷᠴᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠤᠭᠰᠠᠨ ᠥᠷᠲᠡᠭ ᠤᠨ 53.2% ᠢ ᠡᠵᠡᠯᠡᠪᠡ︔ ᠭᠠᠳᠠᠭᠠᠳᠤ ᠳᠤ  ᠭᠠᠷᠭᠠᠭᠰᠠᠨ ᠨᠢ ᠮᠠᠰᠢᠨ ᠴᠠᠬᠢᠯᠭᠠᠨ ᠤ ᠦᠢᠯᠡᠳᠬᠦᠨ ᠪᠠ ᠡᠮ ᠡᠮᠨᠡᠯᠭᠡ ᠶᠢᠨ ᠮᠠᠲ᠋ᠧᠷᠢᠶᠠᠯ ᠵᠢᠴᠢ ᠡᠮ ᠤᠨ ᠵᠦᠢᠯᠡᠰ ᠢᠶᠠᠷ ᠭᠤᠣᠯ ᠪᠣᠯᠭᠠᠵᠤ᠂ ᠬᠤᠶᠠᠭᠤᠯᠠ ᠶᠢᠨ ᠨᠡᠶᠢᠲᠡ ᠭᠠᠳᠠᠭᠠᠳᠤ ᠳᠤ ᠭᠠᠷᠭᠠᠭᠰᠠᠨ ᠥᠷᠲᠡᠭ ᠨᠢ 17.5 ᠳ᠋ᠦᠩᠰᠢᠭᠤᠷ ᠲᠥᠭᠦᠷᠢᠭ ᠬᠦᠷᠴᠦ᠂ ᠪᠦᠬᠦ ᠬᠤᠳᠠ ᠶᠢᠨ ᠭᠠᠳᠠᠭᠠᠳᠤ ᠳᠤ ᠭᠠᠷᠭᠠᠭᠰᠠᠨ ᠥᠷᠲᠡᠭ ᠤᠨ 37.6% ᠶᠢ ᠡᠵᠡᠯᠡᠪᠡ᠃ ᠠᠷᠠᠯᠵᠢᠶᠠᠨ ᠤ ᠤᠯᠤᠰ ᠤᠨ ᠢᠯᠭᠠᠯ ᠠᠴᠠ ᠠᠪᠴᠤ ᠦᠵᠡᠪᠡᠯ᠂ ᠡᠨᠡ ᠵᠢᠯ ᠤᠨ ᠲᠦᠷᠦᠭᠦᠤ 5 ᠰᠠᠷ᠎ᠠ ᠳᠤ ᠬᠥᠬᠡᠬᠤᠲᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠮᠠᠯᠠᠶᠢᠰᠢᠶ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠥᠷᠲᠡᠭ ᠨᠢ 29.1 ᠳ᠋ᠦᠩᠰᠢᠭᠤᠷ ᠲᠥᠭᠦᠷᠢᠭ ᠬᠦᠷᠴᠦ᠂ 29% ᠶᠢ ᠡᠵᠡᠯᠡᠪᠡ᠃ ︽ᠨᠢᠭᠡ ᠪᠦᠰᠡ ᠨᠢᠭᠡ ᠵᠠᠮ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ︾ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠨᠢ 68.5 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 74% ᠪᠠᠷ ᠨᠡᠮᠡᠭᠳᠡᠨ᠂ 68.2% ᠢ ᠡᠵᠡᠯᠡᠵᠦ᠂ ᠬᠥᠬᠡᠬᠤᠲᠠ ᠶᠢᠨ ᠭᠠᠳᠠᠭᠠᠳᠤ ᠳᠤ ᠭᠠᠷᠭᠠᠬᠤ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠷᠠᠯᠵᠢᠶᠠᠨ ᠤ ᠥᠷᠲᠡᠭ ᠢᠯᠡᠳᠲᠡ ᠨᠡᠮᠡᠭᠳᠡᠵᠦ᠂ ᠲᠦᠷᠦᠭᠦᠤ 5 ᠰᠠᠷ᠎ᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠭᠰᠠᠨ ᠥᠷᠲᠡᠭ ᠨᠢ 47.2 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 98.7% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 8.9 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 810.4% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 38.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 68.2% ᠪᠠᠷ ᠨᠡᠮᠡᠭᠳᠡᠪᠡ᠃      ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠠᠷᠤᠭ᠎ᠠ ᠯᠢ ᠪᠢᠨ ᠢᠯᠡᠷᠬᠡᠶᠢᠯᠡᠬᠦ ᠳᠡᠭᠡᠨ᠂ ᠡᠨᠡ ᠵᠢᠯ ᠤᠨ ᠲᠦᠷᠦᠭᠦᠤ 5 ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 100 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠭᠤᠷᠪᠠᠨ ᠬᠤᠪᠢ ᠠᠴᠠ ᠳᠡᠭᠡᠭᠰᠢ ᠨᠡᠮᠡᠭᠳᠡᠵᠦ᠂ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶ ᠶᠢᠨ ᠬᠥᠭᠵᠢᠯᠲᠡ ᠶᠢᠨ ᠡᠷᠴᠢ ᠬᠦᠴᠦᠨ ᠶᠡᠭᠡ ᠪᠠᠶᠢᠨ᠎ᠠ᠂ ᠲᠠᠷᠠᠭᠠᠴᠢ ᠶᠢᠨ ᠠᠯᠬᠤᠮ ᠳᠤ᠂ ᠰᠠᠶᠢᠬᠠᠨ ᠪᠣᠭᠤᠮᠲᠠ ᠠᠯᠠᠭᠠᠨ ᠳᠡᠭᠡᠷ᠎ᠡ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠥᠪᠡᠰᠦᠪᠡᠨ ᠭᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠣᠭᠤᠮᠲᠠ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠢᠲᠡᠭᠡᠯ ᠵᠣᠷᠢᠭ ᠢᠶᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠢ ᠨᠡᠭᠡᠭᠡᠬᠦ ᠶᠢ ᠵᠣᠷᠢᠭᠵᠢᠭᠤᠯᠤᠨ᠎ᠠ ᠭᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ