ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/20
ᠪᠣᠣ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ  ᠾᠧ ᠬᠠᠢ ᠳ᠋ᠦᠩ ᠦᠨᠡᠯᠡᠯᠲᠡ ᠬᠢᠪᠡ      ︵ᠰᠤᠷᠪᠤᠯᠵᠢᠯᠠᠭᠴᠢ ᠶᠦᠨ ᠵᠢᠩ︶ 6 ᠳ᠋ᠤᠭᠠᠷ ᠰᠠᠷ᠎ᠠ ᠶᠢᠨ 19 ᠤ ᠡᠳᠦᠷ᠂ ᠪᠦᠬᠦ ᠬᠤᠲᠠ ᠶᠢᠨ ᠭᠤᠣᠯᠳᠠᠯᠭ᠎ᠠ ᠲᠠᠢ ᠠᠵᠢᠯ ᠤᠨ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠵᠤ᠂ 1—5 ᠳ᠋ᠤᠭᠠᠷ ᠰᠠᠷ᠎ᠠ ᠶᠢᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠷᠯᠠᠨ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠦᠨᠡᠯᠡᠯᠲᠡ ᠬᠢᠵᠦ᠂ ᠬᠡᠰᠡᠭ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ᠣᠪᠣᠷ ᠢᠶᠠᠨ ᠢᠯᠡᠳᠬᠡᠬᠦ  ᠶᠠᠷᠢᠶ᠎ᠠ ᠲᠠᠯᠪᠢᠪᠠ᠃      ᠪᠣᠣ ᠭᠠᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠠᠵᠤ ᠠᠬᠤᠢ ᠶᠢᠨ ᠠᠵᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠪᠠᠲᠤ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠠᠳᠬᠤᠵᠤ᠂ ᠬᠥᠭᠵᠢᠯᠲᠡ ᠶᠢ ᠠᠳᠬᠤᠵᠤ᠂ ᠬᠠᠭᠠᠰ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠵᠦᠢᠯ ᠤᠨ ᠪᠠᠲᠤᠯᠠᠭ᠎ᠠ ᠶᠢ ᠨᠠᠷᠢᠯᠢᠭ ᠪᠣᠳᠠᠲᠠᠢ ᠬᠢᠵᠦ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠣᠷᠣᠨ ᠤ ᠲᠥᠪ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠰᠢᠨ᠎ᠡ ᠪᠠᠷ ᠬᠦᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠴᠢᠩᠭ᠎ᠠ ᠠᠩᠬᠠᠷᠴᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠱᠠᠲᠤᠯᠠᠨ ᠨᠥᠭᠡᠴᠡᠯᠡᠬᠦ᠂ ᠦᠷᠭᠦᠯᠵᠢᠯᠡᠨ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠢ ᠢᠳᠡᠪᠬᠢᠲᠡᠶ ᠰᠢᠢᠳᠪᠦᠷᠢᠯᠡᠵᠦ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠮᠡᠷᠭᠡᠵᠢᠯ᠂ ᠶᠡᠷᠦᠩᠬᠡᠢ ᠬᠡᠯᠲᠡᠰ ᠤᠨ ᠠᠵᠤ ᠠᠬᠤᠢ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ᠂ ᠰᠣᠶᠣᠯ ᠵᠢᠭᠤᠯᠴᠢᠯᠠᠯ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠡᠭᠦᠷᠭᠡ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠪᠠᠲᠤᠳᠬᠠᠵᠤ᠂ ᠬᠤᠲᠠ ᠶᠢᠨ ᠱᠠᠲᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠭᠦᠨᠵᠡᠭᠡᠢ ᠠᠷᠭ᠎ᠠ ᠰᠦᠪᠡᠭᠴᠢᠯᠡᠵᠦ᠂ ᠮᠥᠷᠳᠡᠨ ᠲᠣᠬᠢᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠢᠯᠡ ᠠᠵᠢᠯᠯᠠᠭ᠎ᠠ ᠪᠠᠷ ᠢᠶᠠᠨ ᠦᠭᠡ ᠬᠡᠯᠡᠵᠦ᠂ ᠦᠷ᠎ᠡ ᠳ᠋ᠦᠩ ᠢᠶᠠᠷ ᠳᠠᠩᠰᠠ ᠲᠤᠰᠢᠶᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠶ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ