ᠭᠥᠯᠢᠶᠡᠨ ᠠᠪᠴᠤ ᠰᠢᠢᠳᠪᠦᠷᠢᠯᠡᠬᠦ ᠴᠠᠭ ᠢ ᠤᠷᠲᠤᠳᠬᠠᠨ᠎ᠠ
ᠨᠡᠶᠢᠲᠡᠯᠡᠭᠰᠡᠨ ᠴᠠᠭ᠄
2024/6/20
062001.jpg
      ᠵᠠᠰᠠᠭ ᠤᠨ ᠶᠠᠪᠤᠳᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠣᠨ ᠤ ᠠᠮᠠᠷᠠᠯᠲᠠ ᠳᠤ ᠬᠡᠷ ᠤᠨ ᠠᠬᠠᠮᠠᠳ ᠬᠡᠦᠬᠡᠳ ᠢᠶᠠᠨ ᠳᠠᠭᠠᠭᠤᠯᠤᠨ ᠤᠯᠤᠰ ︵ᠬᠢᠯᠢ︶ ᠠᠴᠠ ᠭᠠᠷᠴᠤ ᠵᠢᠭᠤᠯᠴᠢᠯᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠪᠤᠷᠢ ᠠᠩᠭᠢ 7 ᠳ᠋ᠤᠭᠠᠷ ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠦᠨᠡᠮᠯᠡᠯ ᠭᠦᠢᠴᠡᠳᠬᠡᠬᠦ ᠲᠢᠩᠬᠢᠮ ᠳᠤ ᠵᠣᠨ ᠤ ᠠᠮᠠᠷᠠᠯᠲᠠ ᠶᠢᠨ ᠬᠢᠯᠢ ᠪᠠᠷ ᠣᠷᠣᠵᠤ ᠭᠠᠷᠬᠤ ᠦᠨᠡᠮᠯᠡᠯ ᠭᠦᠢᠴᠡᠳᠬᠡᠬᠦ ᠲᠤᠰᠬᠠᠶ ᠠᠵᠢᠯᠯᠠᠭ᠎ᠠ ᠥᠷᠨᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠴᠠᠭ ᠢ 17 ᠴᠠᠭ 30 ᠮᠢᠨᠦ᠋ᠲ ᠠᠴᠠ 20 ᠴᠠᠭ 30 ᠮᠢᠨᠦ᠋ᠲ ᠪᠣᠯᠲᠠᠯ᠎ᠠ ᠤᠷᠲᠤᠳᠬᠠᠨ᠎ᠠ᠃      ᠰᠤᠷᠪᠤᠯᠵᠢᠯᠠᠭᠴᠢ ᠶᠠᠩ ᠼᠠᠢ ᠰᠢᠶᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ