ᠬᠤᠲᠠ ᠶᠢᠨ ᠨᠠᠮ ᠤᠨ ᠬᠤᠷᠢᠶ᠎ᠠ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/21
ᠪᠣᠣ ᠭᠠᠩ ᠬᠤᠷᠠᠯ ᠢ ᠡᠷᠬᠢᠯᠡᠭᠰᠡᠨ ᠪᠦᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ   ᠾᠧ ᠬᠠᠢ ᠳ᠋ᠦᠩ ᠯᠢ ᠵᠢᠶᠦ᠋ᠩ ᠼᠦᠢ ᠵᠧᠨ ᠦ᠋ ᠤᠷᠤᠯᠴᠠᠵᠠᠢ᠃      ︵ᠰᠤᠷᠪᠤᠯᠵᠢᠯᠠᠭᠴᠢ ᠶᠦᠨ ᠵᠢᠩ︶ 6 ᠳ᠋ᠤᠭᠠᠷ ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠭᠰᠡᠨ ᠪᠦᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠼᠦᠢ ᠵᠧᠨ ᠡᠦ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠬᠤᠲᠠ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠵᠢᠶᠦ᠋ᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠵᠠᠳᠠᠯᠤᠯᠲᠠ ᠬᠢᠵᠦ᠂ ᠬᠤᠷᠠᠯ ᠳᠤ ᠣᠷᠣᠯᠴᠠᠭᠰᠠᠳ ︽  ᠰᠠᠬᠢᠯᠭ᠎ᠠ ᠪᠠᠲᠤ ᠶᠢ ᠴᠢᠩᠭ᠎ᠠ ᠰᠠᠬᠢᠵᠦ  ᠰᠡᠷᠡᠮᠵᠢ ᠶᠢᠨ ᠬᠤᠩᠬᠤ ᠶᠢ ᠪᠠᠶᠢᠩᠭᠤ  ᠳᠤᠤᠭᠠᠷᠭᠠᠶ᠎ᠠ︾  ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠶᠢ ᠬᠠᠮᠲᠤ ᠪᠠᠷ ᠦᠵᠡᠪᠡ᠃      ᠪᠣᠣ ᠭᠠᠩ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠵᠤ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠡᠨᠡᠬᠦ ᠴᠢᠬᠤᠯᠠ ᠥᠭᠦᠯᠡᠯᠲᠡ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠤᠭᠲᠠᠭᠠᠭᠰᠠᠨ︾ ᠶᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠲᠦᠷᠢᠮ︾ ᠤᠨ 3 ᠪᠦᠯᠦᠭ᠂ 158 ᠵᠦᠢᠯ ᠤᠨ ᠲᠣᠭᠲᠠᠭᠠᠯ ᠤᠨ ᠠᠭᠤᠯᠭ᠎ᠠ ᠲᠠᠢ ᠨᠢᠭᠲᠠ ᠤᠶᠠᠯᠳᠤᠭᠤᠯᠵᠤ᠂ ᠪᠦᠦ ᠭᠠᠩ ᠣᠷᠣᠨ ᠤ ᠲᠥᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠦᠨᠵᠡᠭᠡᠢ ᠲᠠᠶᠢᠯᠪᠤᠷᠢᠯᠠᠵᠤ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠣᠯᠤᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠶᠠᠭᠤ ᠪᠣᠯᠬᠤ ᠶᠢ ᠦᠨᠡᠨᠬᠦ ᠲᠣᠳᠣᠷᠬᠠᠢ ᠣᠶᠢᠯᠠᠭᠠᠵᠤ᠂ ᠶᠠᠭᠤ ᠬᠢᠵᠦ ᠪᠤᠯᠬᠤ᠂ ᠶᠠᠭᠤ ᠬᠢᠵᠦ ᠪᠣᠯᠬᠤ ᠦᠭᠡᠢ ᠶᠢ ᠲᠣᠳᠣᠷᠬᠠᠢ ᠮᠡᠳᠡᠨ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠣᠣᠷ᠎ᠠ ᠠᠵᠢᠯᠯᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠡᠷᠡᠰ ᠪᠡᠶᠡᠯᠡᠭᠦᠯᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠡᠷᠡᠮᠵᠢᠯᠡᠭᠦᠯᠬᠦ ᠬᠥᠮᠦᠵᠢᠯ ᠤᠨ ᠹᠢᠯᠢᠮ ᠪᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠪᠣᠣ ᠭᠠᠩ ᠵᠠᠷᠢᠮ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠮᠡᠳᠡᠬᠦ ᠦᠭᠡᠢ᠂ ᠰᠠᠬᠢᠯᠭ᠎ᠠ ᠪᠠᠲᠤ ᠠᠴᠠ ᠵᠢᠷᠦᠬᠡᠰᠢᠶᠡᠬᠦ ᠦᠭᠡᠢ᠂ ᠰᠠᠬᠢᠯᠭ᠎ᠠ ᠪᠠᠲᠤ ᠶᠢ ᠰᠠᠬᠢᠬᠤ ᠦᠭᠡᠢ ᠪᠠᠶᠢᠬᠤ ᠠᠰᠠᠭᠤᠳᠠᠯ ᠢ ᠭᠦᠨᠵᠡᠭᠡᠢ ᠵᠠᠳᠠᠯᠵᠤ᠂ ᠡᠷᠬᠡᠪᠰᠢ ᠴᠡᠭᠡᠷᠯᠡᠯ ᠪᠤᠯᠭᠠᠨ ᠰᠤᠷᠭᠠᠮᠵᠢ ᠠᠪᠴᠤ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠠᠶᠢᠬᠤ ᠪᠣᠯ ᠵᠢᠷᠭᠠᠯ ᠮᠥᠨ᠂ ᠬᠤᠪᠳᠤᠭ ᠰᠢᠨᠤᠯ ᠪᠣᠯ ᠭᠠᠢ ᠵᠣᠪᠠᠯᠠᠩ ᠮᠥᠨ ᠭᠡᠬᠦ ᠶᠣᠰᠣ ᠶᠢ ᠪᠠᠲᠤ ᠴᠡᠭᠡᠵᠢᠯᠡᠵᠦ᠂ ᠴᠠᠭ ᠢᠮᠠᠭᠲᠠ ᠨᠠᠮ ᠤᠨ ᠰᠠᠬᠢᠯᠭ᠎ᠠ ᠪᠠᠲᠤ ᠪᠠᠷ ᠥᠪᠡᠷ ᠢ ᠪᠠᠨ ᠬᠢᠵᠠᠭᠠᠷᠯᠠᠵᠤ᠂ ᠦᠷᠭᠦᠯᠵᠢ ᠰᠡᠷᠡᠮᠵᠢ ᠶᠢᠨ ᠬᠤᠩᠬᠤ ᠳᠤᠤᠭᠠᠷᠭᠠᠵᠤ᠂ ᠢᠮᠠᠭᠳᠠ ᠪᠢᠰᠢᠷᠡᠨ ᠵᠢᠷᠦᠬᠡᠰᠢᠶᠡᠬᠦ ᠰᠡᠳᠬᠢᠯᠭᠡ ᠡᠪᠦᠷᠯᠡᠨ᠂ ᠬᠥᠮᠦᠨ ᠪᠤᠯᠵᠤ ᠠᠵᠢᠯ ᠬᠢᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠨᠠᠮ ᠤᠨ ᠭᠡᠰᠢᠭᠦᠨ ᠺᠠᠳ᠋ᠷᠴᠤᠳ ᠲᠤ ᠪᠦᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠦᠨᠡᠨᠬᠦ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠵᠢᠷᠦᠬᠡᠰᠢᠶᠡᠯ ᠲᠠᠢ᠂ ᠦᠭᠡ ᠶᠠᠷᠢᠶ᠎ᠠ ᠴᠡᠭᠡᠷ ᠲᠠᠢ᠂ ᠦᠢᠯᠡ ᠠᠵᠢᠯᠯᠠᠭ᠎ᠠ ᠬᠤᠷᠢᠭ᠎ᠠ ᠲᠠᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ ᠲᠤᠯᠤᠭᠠᠨ ᠵᠦᠢᠯ ᠤᠨ ᠨᠠᠶᠢᠳᠠᠪᠤᠷᠢᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠶᠣᠰᠣ ᠮᠣᠷᠠᠯ ᠢᠶᠠᠷ ᠤᠷᠢᠳᠤᠯ ᠪᠤᠯᠭᠠᠬᠤ ᠶᠢ ᠵᠣᠷᠢᠭᠵᠢᠭᠤᠯᠵᠤ᠂ ᠰᠡᠳᠬᠢᠯ ᠰᠠᠨᠠᠭ᠎ᠠ ᠪᠠ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠲᠠᠯᠪᠢᠵᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠪᠢ ᠶᠢᠨ ᠠᠰᠢᠭ ᠢᠶᠠᠨ ᠬᠥᠭᠡᠭᠡᠴᠡᠯᠳᠦᠬᠦ ᠦᠭᠡᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠮᠵᠢᠯᠲᠠ ᠪᠦᠲᠦᠮᠵᠢ ᠪᠠᠷ ᠢᠶᠠᠨ ᠬᠤᠶᠠᠷ ᠶᠡᠭᠡ ᠶᠠᠪᠤᠳᠠᠯ  ᠢ ᠰᠠᠶᠢᠳᠤᠷ ᠬᠢᠬᠦ ᠳᠤ ᠤᠷᠤᠨ ᠤ ᠲᠥᠪ ᠬᠤᠲᠠ ᠶᠢᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠠᠷᠠᠭᠤᠯᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ