ᠬᠥᠬᠡᠬᠤᠲᠠ ᠵᠠᠰᠠᠭ ᠲᠠᠷᠬᠠᠭᠠᠭᠰᠠᠨ ﹇2020﹈ 20 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ᠄ | ᠡᠲᠦᠭᠡ ︽ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠲᠠ | ᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 6 ᠳ᠋ᠤᠭᠠᠷ ᠰᠠᠷ᠎ᠠ ᠶᠢᠨ 12 ᠤᠨ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ | ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠤᠨ᠂ ᠪᠥᠬᠦ ᠬᠤᠲᠠ ᠶᠢᠨ ᠤᠰᠤᠨ ᠤ ᠠᠶᠤᠯᠭᠦᠢ ᠶᠢ ᠪᠠᠲᠤᠯᠠᠵᠤ᠂ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ | ᠬᠠᠮᠢᠶᠠᠷᠤᠯᠲᠠ ᠶᠢᠨ ᠲᠦᠷᠢᠮ︾ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ︾ ︽ᠤᠰᠤ ᠶᠢ ᠠᠷᠪᠢᠯᠠᠨ ᠬᠡᠷᠡᠭᠯᠡᠬᠦ ᠲᠦᠷᠢᠮ︾ ᠵᠡᠷᠭᠡ | ᠬᠠᠤᠯᠢ ᠳᠦᠷᠢᠮ ᠤᠨ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ᠂ ᠨᠣᠭᠤᠭᠠᠷᠠᠭᠤᠯᠤᠯᠲᠠ ᠳᠤ | ᠬᠡᠷᠡᠭᠯᠡᠬᠦ ᠤᠰᠤ᠂ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ᠂ ᠤᠰᠤ ᠶᠢ ᠠᠷᠪᠢᠯᠠᠵᠤ ᠬᠡᠷᠡᠭᠯᠡᠬᠦ ᠪᠠ ᠳᠡᠭᠢᠯᠳᠡ ᠤᠰᠤ ᠶᠢ ᠠᠰᠢᠭᠯᠠᠬᠤ ᠳᠤ ᠲᠣᠬᠢᠷᠠᠨ᠎ᠠ᠃ | ᠭᠤᠷᠪᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠳᠤ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ | ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠦᠷᠭᠦᠯᠵᠢᠯᠡᠨ ᠠᠰᠢᠭᠯᠠᠬᠤ ᠶᠢ ᠪᠠᠲᠤᠯᠠᠨ᠎ᠠ᠃ | ᠳᠥᠷᠪᠡᠳᠦᠭᠡᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠵᠢᠴᠢ ᠤᠰᠤ ᠶᠢ | ᠠᠷᠪᠢᠯᠠᠵᠤ ᠬᠡᠷᠡᠭᠯᠡᠬᠦ ᠶᠢᠨ ᠬᠠᠮᠢᠶᠠᠷᠤᠯᠲᠠ ᠶᠢᠨ ᠬᠢᠨᠠᠯᠲᠠ ᠶᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠤᠰᠤ ᠬᠠᠩᠭᠠᠬᠤ ᠪᠠ ᠭᠠᠳᠠᠭᠰᠢᠯᠠᠭᠤᠯᠬᠤ ᠬᠠᠮᠢᠶᠠᠷᠤᠯᠲᠠ ᠶᠢᠨ ᠬᠢᠨᠠᠯᠲᠠ ᠶᠢ ᠬᠠᠷᠢᠭᠤᠴᠠᠨ᠎ᠠ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠦᠨ᠎ᠡ ᠨᠡᠮᠡᠬᠦ ᠪᠠᠷᠢᠮᠵᠢᠶ᠎ᠠ ᠶᠢᠨ ᠳᠦᠷᠢᠮ ᠢ | ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠭᠠᠶᠢᠯᠢ ᠶᠢᠨ ᠪᠤᠰᠤ ᠣᠷᠣᠯᠭ᠎ᠠ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠰᠤᠨ ᠤ ᠡᠬᠢ ᠪᠠᠶᠠᠯᠢᠭ ᠤᠨ | ᠭᠠᠶᠢᠯᠢ ᠲᠠᠲᠠᠪᠤᠷᠢᠯᠠᠬᠤ ᠵᠢᠴᠢ ᠲᠣᠭᠲᠠᠭᠰᠠᠨ ᠲᠤᠭ᠎ᠠ ᠠᠴᠠ ᠬᠡᠲᠦᠷᠡᠭᠰᠡᠨ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠬᠤ ᠠᠵᠢᠯ ᠢ | ᠬᠠᠷᠢᠭᠤᠴᠠᠨ᠎ᠠ᠃ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠤᠰᠤᠨ ᠤ ᠰᠦᠢᠳᠬᠡᠯ | ᠬᠤᠷᠢᠶᠠᠬᠤ ᠶᠢ ᠬᠠᠷᠢᠭᠤᠴᠠᠨ᠎ᠠ᠃ | ᠲᠠᠪᠤᠳᠤᠭᠠᠷ ᠵᠦᠢᠯ ᠶᠠᠮᠠᠷᠪᠠ ᠨᠢᠭᠡᠴᠢ ᠪᠣᠯᠤᠨ ᠬᠤᠪᠢ ᠬᠥᠮᠦᠨ ᠴᠥᠮ ᠤᠰᠤ ᠶᠢ ᠠᠷᠪᠢᠯᠠᠵᠤ ᠬᠡᠷᠡᠭᠯᠡᠬᠦ ᠡᠭᠦᠷᠭᠡ ᠲᠠᠢ ᠪᠥᠭᠡᠳ ᠤᠰᠤ ᠶᠢ ᠪᠦᠷᠢᠯᠭᠡᠨ | ᠰᠦᠢᠳᠬᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠬᠤᠷᠢᠭᠯᠠᠨ ᠵᠣᠭᠰᠣᠭᠠᠵᠤ᠂ ᠢᠯᠡᠴᠢᠯᠡᠨ ᠮᠡᠳᠡᠭᠦᠯᠬᠦ ᠬᠡᠷᠡᠭᠲᠡᠶ᠃ | ᠬᠤᠶᠠᠳᠤᠭᠠᠷ ᠪᠦᠯᠦᠭ ᠤᠰᠤ ᠲᠠᠲᠠᠵᠤ ᠤᠰᠤ ᠬᠡᠷᠡᠭᠯᠡᠬᠦ | ᠵᠢᠷᠭᠤᠳᠤᠭᠠᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠣᠬᠢᠷᠠᠭᠤᠯᠤᠨ ᠬᠠᠮᠢᠶᠠᠷᠬᠤ ᠶᠢ | ᠬᠠᠷᠢᠭᠤᠴᠠᠨ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠡᠩ ᠲᠡᠷᠢᠭᠦᠨ ᠳᠤ ᠪᠠᠲᠤᠯᠠᠵᠤ᠂ ᠭᠠᠵᠠᠷ ᠳᠡᠭᠡᠷᠡᠬᠢ ᠤᠰᠤ᠂ ᠭᠠᠵᠠᠷ ᠳᠣᠤᠷᠠᠬᠢ | ᠤᠰᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠭᠠᠳᠠᠭᠰᠢ ᠲᠣᠬᠢᠷᠠᠭᠤᠯᠤᠭᠰᠠᠨ ᠤᠰᠤ ᠶᠢ ᠢᠳᠡᠪᠬᠢᠲᠡᠢ ᠠᠰᠢᠭᠯᠠᠨ᠂ ᠳᠡᠭᠢᠯᠳᠡ ᠤᠰᠤ᠂ ᠪᠣᠷᠣᠭᠠᠨ | ᠦᠶᠡᠷ ᠤᠨ ᠤᠰᠤ ᠵᠡᠷᠭᠡ ᠬᠡᠪ ᠤᠨ ᠪᠤᠰᠤ ᠤᠰᠤ ᠶᠢ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤ ᠣᠷᠣᠭᠤᠯᠬᠤ ᠬᠡᠷᠡᠭᠲᠡᠶ᠃ | ᠰᠠᠭᠤᠭᠠᠯᠢ ᠠᠷᠠᠳ ᠤᠨ ᠪᠤᠰᠤ ᠤᠰᠤ ᠶᠢ ᠲᠠᠲᠠᠵᠤ ᠬᠡᠷᠡᠭᠯᠡᠬᠦ ᠳᠤ ᠡᠩ ᠲᠡᠷᠢᠭᠦᠨ ᠳᠤ ᠳᠠᠬᠢᠯᠲᠠ ᠤᠰᠤ ᠶᠢ ᠬᠡᠷᠡᠭᠯᠡᠵᠦ᠂ ᠳᠠᠷᠠᠭ᠎ᠠ ᠨᠢ ᠭᠠᠵᠠᠷ ᠳᠡᠭᠡᠷᠡᠬᠢ | ᠤᠰᠤ ᠶᠢ ᠬᠡᠷᠡᠭᠯᠡᠵᠦ᠂ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ | ᠳᠣᠯᠣᠳᠤᠭᠠᠷ ᠵᠦᠢᠯ ᠰᠠᠭᠤᠭᠠᠯᠢ ᠪᠤᠰᠤ ᠠᠷᠠᠳ ᠭᠤᠤᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ ᠳᠣᠤᠷ᠎ᠠ ᠠᠴᠠ ᠤᠰᠤᠨ ᠤ ᠡᠬᠢ ᠪᠠᠶᠠᠯᠢᠭ ᠢ | ᠰᠢᠭᠤᠳ ᠠᠪᠴᠤ ᠬᠡᠷᠡᠭᠯᠡᠬᠦ ᠳᠤ ᠪᠠᠨ ᠤᠰᠤᠨ ᠤ ᠡᠬᠢ ᠪᠠᠶᠠᠯᠢᠭ ᠢ ᠨᠤᠲᠠᠯᠠᠵᠤ᠂ ᠤᠰᠤ ᠠᠪᠬᠤ ᠵᠥᠪᠰᠢᠶᠡᠷᠡᠯ ᠢ ᠬᠠᠤᠯᠢ ᠶᠣᠰᠣᠭᠠᠷ ᠣᠯᠤᠭᠰᠠᠨ ᠤ ᠳᠠᠷᠠᠭ᠎ᠠ | ᠰᠠᠶ᠋ᠢ ᠤᠰᠤ ᠲᠠᠲᠠᠵᠤ ᠬᠡᠷᠡᠭᠯᠡᠵᠦ ᠪᠣᠯᠤᠨ᠎ᠠ᠃ ᠤᠰᠤᠨ ᠤ ᠡᠬᠢ ᠪᠠᠶᠠᠯᠢᠭ ᠤᠨ ᠨᠤᠲᠠᠯᠠᠯᠲᠠ ᠨᠢ ᠬᠢᠨᠠᠨ ᠪᠠᠶᠢᠴᠠᠭᠠᠯᠲᠠ ᠶᠢ ᠥᠩᠭᠡᠷᠡᠵᠦ ᠳᠡᠶᠢᠯᠦᠭᠰᠡᠨ ᠦᠭᠡᠶ | ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ ᠲᠠᠲᠠᠬᠤ ᠵᠥᠪᠰᠢᠶᠡᠷᠡᠯ ᠢ ᠨᠢ ᠵᠥᠪᠰᠢᠶᠡᠷᠡᠵᠦ ᠪᠣᠯᠬᠤ ᠦᠭᠡᠶ᠃ | ᠨᠠᠢᠮᠠᠳᠤᠭᠠᠷ ᠵᠦᠢᠯ ᠰᠠᠭᠤᠭᠠᠯᠢ ᠪᠤᠰᠤ ᠠᠷᠠᠳ ᠤᠰᠤ ᠲᠠᠲᠠᠬᠤ ᠵᠥᠪᠰᠢᠶᠡᠷᠡᠯ ᠳᠤ ᠲᠣᠭᠲᠠᠭᠠᠭᠰᠠᠨ ᠨᠥᠬᠦᠴᠡᠯ ᠢᠶᠠᠷ ᠤᠰᠤ ᠲᠠᠲᠠᠵᠤ᠂ ᠤᠰᠤ ᠲᠠᠲᠠᠵᠤ | ᠬᠡᠷᠡᠭᠯᠡᠬᠦ᠂ ᠤᠰᠤ ᠳᠠᠮᠵᠢᠭᠤᠯᠬᠤ ᠪᠠᠷᠢᠯᠭ᠎ᠠ ᠶᠢᠨ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠰᠤ ᠲᠠᠲᠠᠵᠤ ᠬᠡᠷᠡᠭᠯᠡᠬᠦ᠂ ᠤᠰᠤ | ᠳᠠᠮᠵᠢᠭᠤᠯᠬᠤ ᠬᠤᠬᠢᠷᠠᠯ ᠢ ᠴᠢᠩᠭ᠎ᠠ ᠡᠵᠡᠮᠳᠡᠬᠦ ᠬᠡᠷᠡᠭᠲᠡᠶ᠃ | ᠰᠠᠭᠤᠭᠠᠯᠢ ᠠᠷᠠᠳ ᠤᠨ ᠪᠤᠰᠤ ᠤᠰᠤ ᠲᠠᠲᠠᠬᠤ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠴᠦ ᠤᠷᠲᠤᠳᠬᠠᠬᠤ ᠴᠢᠬᠤᠯᠠ ᠲᠠᠢ ᠪᠣᠯ | ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 45 ᠡᠳᠦᠷ ᠤᠨ ᠡᠮᠦᠨ᠎ᠡ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠦᠷᠭᠦᠯᠵᠢᠯᠡᠭᠦᠯᠬᠦ | ᠭᠤᠶᠤᠴᠢᠯᠠᠯ ᠭᠠᠷᠭᠠᠬᠤ ᠬᠡᠷᠡᠭᠲᠡᠶ᠃ ᠬᠦᠴᠦᠨ ᠲᠠᠢ ᠬᠤᠭᠤᠴᠠᠭ᠎ᠠ ᠨᠢ ᠳᠦᠭᠦᠷᠴᠦ ᠦᠷᠭᠦᠯᠵᠢᠯᠡᠭᠦᠯᠬᠦ ᠪᠠᠷ ᠭᠤᠶᠤᠴᠢᠯᠠᠭᠰᠠᠨ ᠦᠭᠡᠶ ᠪᠤᠶᠤ | ᠦᠷᠭᠦᠯᠵᠢᠯᠡᠭᠦᠯᠬᠦ ᠶᠢ ᠵᠥᠪᠰᠢᠶᠡᠷᠡᠭᠳᠡᠭᠰᠡᠨ ᠦᠭᠡᠶ ᠪᠣᠯ ᠬᠢᠨᠠᠨ ᠵᠥᠪᠰᠢᠶᠡᠷᠡᠬᠦ ᠪᠠᠶᠢᠭᠤᠯᠭ᠎ᠠ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠠᠤᠯᠢ | ᠶᠣᠰᠣᠭᠠᠷ ᠬᠦᠴᠦᠨ ᠦᠭᠡᠶ ᠪᠣᠯᠭᠠᠬᠤ ᠬᠡᠷᠡᠭᠲᠡᠶ᠃ | ᠶᠢᠰᠦᠳᠦᠭᠡᠷ ᠵᠦᠢᠯ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠨ᠎ᠠ᠃ | ᠨᠡᠭᠡᠭᠡᠨ ᠠᠰᠢᠭᠯᠠᠬᠤ ᠶᠢ ᠴᠠᠭᠠᠵᠠᠯᠠᠬᠤ ᠣᠷᠣᠨ ᠳᠤ ᠳᠣᠤᠷᠠᠬᠢ ᠮᠡᠲᠦ ᠪᠠᠶᠢᠳᠠᠯ ᠠᠴᠠ ᠪᠤᠰᠤᠳ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ | ᠴᠠᠭᠠᠵᠠᠯᠠᠨ᠎ᠠ᠄ | ︵ᠨᠢᠭᠡ︶᠂ ᠭᠠᠵᠠᠷ ᠳᠣᠣᠷᠠᠬᠢ ᠪᠠᠷᠢᠯᠭ᠎ᠠ ᠶᠢᠨ ᠠᠵᠢᠯ ᠤᠨ ᠠᠶᠤᠯᠭᠦᠢ ᠪᠠ ᠦᠢᠯᠡᠳᠪᠦᠷᠢᠯᠡᠯ ᠤᠨ ᠠᠶᠤᠯᠭᠦᠢ ᠶᠢ ᠪᠠᠲᠤᠯᠠᠬᠤ ᠶᠢᠨ ᠲᠥᠯᠥᠭᠡ ᠡᠷᠬᠡᠪᠰᠢ | ᠲᠦᠷ ᠴᠠᠭ ᠪᠠᠴᠢᠮ ᠪᠠᠶᠢᠳᠠᠯ ᠢ ᠠᠷᠭᠠᠴᠠᠭᠠᠵᠤ ᠤᠰᠤ ᠲᠠᠲᠠᠵᠤ ︵ᠭᠠᠳᠠᠭᠰᠢᠯᠠᠭᠤᠯᠬᠤ︶ ᠬᠡᠷᠡᠭᠯᠡᠬᠦ︔ | ︵ᠬᠤᠶᠠᠷ︶ ᠣᠯᠠᠨ ᠨᠡᠶᠢᠲᠡ ᠶᠢᠨ ᠠᠮᠤᠷ ᠲᠦᠪᠰᠢᠨ ᠪᠤᠶᠤ ᠣᠯᠠᠨ ᠨᠡᠶᠢᠲᠡ ᠶᠢᠨ ᠠᠰᠢᠭ ᠲᠤᠰᠠ ᠳᠤ ᠤᠴᠠᠷᠠᠭᠤᠯᠬᠤ ᠬᠥᠨᠥᠭᠡᠯ ᠢ ᠠᠷᠢᠯᠭᠠᠬᠤ ᠶᠢᠨ | ᠲᠥᠯᠥᠭᠡ ᠲᠦᠷ ᠴᠠᠭ ᠪᠠᠴᠢᠮ ᠪᠠᠶᠢᠳᠠᠯ ᠢ ᠠᠷᠭᠠᠴᠠᠭᠠᠵᠤ ᠤᠰᠤ ᠲᠠᠲᠠᠵᠤ ᠬᠡᠷᠡᠭᠯᠡᠬᠦ︔ | ︵ᠭᠤᠷᠪᠠ︶ ᠭᠠᠵᠠᠷ ᠳᠣᠣᠷᠠᠬᠢ ᠤᠰᠤ ᠶᠢ ᠬᠢᠨᠠᠨ ᠬᠡᠮᠵᠢᠬᠦ᠂ ᠬᠠᠶᠢᠨ ᠰᠢᠨᠵᠢᠯᠡᠬᠦ᠂ ᠲᠤᠷᠰᠢᠯᠲᠠ ᠬᠢᠬᠦ ᠶᠢᠨ ᠲᠥᠯᠥᠭᠡ ᠪᠠᠭ᠎ᠠ ᠬᠡᠮᠵᠢᠶᠡᠨ ᠤ ᠤᠰᠤ | ᠲᠠᠲᠠᠬᠤ︔ | ᠠᠷᠪᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠶᠢ ᠲᠠᠲᠠᠵᠤ ᠬᠡᠷᠡᠭᠯᠡᠬᠦ ᠳᠤ ᠬᠡᠮᠵᠢᠯᠲᠡ ᠶᠢᠨ ᠪᠡᠯᠡᠳᠬᠡᠮᠵᠢ ᠶᠢ ᠵᠢᠷᠤᠮᠵᠢᠭᠤᠯᠤᠨ ᠤᠭᠰᠠᠷᠠᠨ | ᠬᠡᠷᠡᠭᠯᠡᠵᠦ᠂ ᠬᠡᠮᠵᠢᠯᠲᠡ ᠶᠢᠨ ᠪᠡᠯᠡᠳᠬᠡᠮᠵᠢ ᠶᠢᠨ ᠬᠡᠪ ᠤᠨ ᠶᠣᠰᠣᠭᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ | ᠤᠰᠤ ᠲᠠᠲᠠᠵᠤ ᠬᠡᠷᠡᠭᠯᠡᠬᠦ ᠶᠢ ᠬᠡᠮᠵᠢᠬᠦ ᠪᠡᠯᠡᠳᠬᠡᠮᠵᠢ ᠶᠢ ᠲᠣᠭᠲᠠᠭᠠᠯ ᠶᠣᠰᠣᠭᠠᠷ ᠤᠭᠰᠠᠷᠠᠭᠰᠠᠨ ᠦᠭᠡᠶ᠂ ᠤᠰᠤ ᠲᠠᠲᠠᠵᠤ ᠬᠡᠷᠡᠭᠯᠡᠬᠦ ᠶᠢ ᠬᠡᠮᠵᠢᠬᠦ | ᠪᠡᠯᠡᠳᠬᠡᠮᠵᠢ ᠨᠢ ᠬᠢᠷᠢ ᠲᠡᠩᠴᠡᠬᠦ ᠦᠭᠡᠶ ᠪᠤᠶᠤ ᠠᠵᠢᠯᠯᠠᠭᠠᠨ ᠨᠢ ᠬᠡᠪ ᠤᠨ ᠪᠤᠰᠤ ᠪᠠᠶᠢᠪᠠᠯ᠂ ᠵᠢᠷᠤᠭᠯᠠᠨ ᠲᠥᠯᠥᠪᠯᠡᠭᠰᠡᠨ ᠤᠰᠤ ᠲᠠᠲᠠᠵᠤ ᠬᠡᠷᠡᠭᠯᠡᠬᠦ ᠬᠠᠮᠤᠭ ᠤᠨ | ᠶᠡᠭᠡ ᠴᠢᠳᠠᠪᠤᠷᠢ ᠪᠤᠶᠤ ᠤᠰᠤ ᠲᠠᠲᠠᠵᠤ ᠬᠡᠷᠡᠭᠯᠡᠬᠦ ᠪᠡᠯᠡᠳᠬᠡᠮᠵᠢ ᠶᠢᠨ ᠲᠣᠭᠲᠠᠭᠰᠠᠨ ᠤᠷᠤᠰᠬᠠᠯ ᠤᠨ ᠪᠦᠬᠦ ᠴᠠᠭ ᠤᠨ ᠬᠡᠮᠵᠢᠶ᠎ᠡ ᠶᠣᠰᠣᠭᠠᠷ ᠤᠰᠤ ᠲᠠᠲᠠᠵᠤ | ᠬᠡᠷᠡᠭᠯᠡᠭᠰᠡᠨ ᠬᠡᠮᠵᠢᠶ᠎ᠡ ᠶᠢ ᠬᠢᠨᠠᠨ ᠲᠣᠭᠲᠠᠭᠠᠨ᠎ᠠ᠃ | ᠶᠠᠮᠠᠷᠪᠠ ᠨᠢᠭᠡᠴᠢ ᠪᠠ ᠬᠤᠪᠢ ᠬᠥᠮᠦᠨ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠡᠵᠡᠯᠡᠵᠦ᠂ ᠡᠪᠳᠡᠨ ᠰᠦᠢᠳᠬᠡᠬᠦ ᠪᠤᠶᠤ ᠳᠤᠷ᠎ᠠ ᠪᠠᠷ ᠢᠶᠠᠨ | ᠨᠤᠷᠠᠭᠠᠵᠤ᠂ ᠥᠭᠡᠷᠡᠴᠢᠯᠡᠵᠦ᠂ ᠰᠣᠯᠢᠵᠤ᠂ ᠤᠰᠤ ᠲᠠᠲᠠᠭᠰᠠᠨ ᠬᠡᠮᠵᠢᠶ᠎ᠡ ᠶᠢ ᠬᠠᠷᠰᠢᠯᠠᠵᠤ ᠪᠣᠯᠬᠤ ᠦᠭᠡᠶ᠃ | ᠠᠷᠪᠠᠨ ᠨᠢᠭᠡᠳᠦᠭᠡᠷ ᠵᠦᠢᠯ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠰᠠᠭᠤᠭᠠᠯᠢ ᠠᠷᠠᠳ ᠤᠨ ᠪᠤᠰᠤ ᠤᠰᠤᠨ ᠤ ᠭᠦᠢᠴᠡᠳᠬᠡᠯ ᠲᠤᠭ᠎ᠠ ᠶᠢᠨ | ᠬᠥᠳᠡᠯᠦᠩᠭᠦᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠤᠰᠤᠨ ᠤ ᠭᠦᠢᠴᠡᠳᠬᠡᠯ ᠲᠤᠭ᠎ᠠ ᠶᠢ ᠴᠠᠭ ᠲᠤᠬᠠᠶ ᠳᠤ ᠨᠢ ᠰᠢᠨᠵᠢᠯᠡᠬᠦ ᠤᠬᠠᠭᠠᠨᠴᠢ ᠪᠠᠷ ᠵᠦᠢ | ᠵᠣᠬᠢᠰᠲᠠᠶ ᠲᠣᠬᠢᠷᠠᠭᠤᠯᠬᠤ ᠬᠡᠷᠡᠭᠲᠡᠶ᠃ | ᠰᠠᠭᠤᠭᠠᠯᠢ ᠠᠷᠠᠳ ᠤᠨ ᠪᠤᠰᠤ ᠤᠰᠤᠨ ᠤ ᠭᠦᠢᠴᠡᠳᠬᠡᠯ ᠲᠤᠭ᠎ᠠ ᠶᠢ ᠵᠢᠷᠭᠤᠭᠠᠨ ᠰᠠᠷ᠎ᠠ ᠠᠴᠠ ᠢᠯᠡᠭᠦᠦ ᠬᠤᠭᠤᠴᠠᠭ᠎ᠠ ᠰᠤᠯᠠ ᠲᠠᠯᠪᠢᠪᠠᠯ᠂ ᠤᠰᠤᠨ ᠤ | ᠶᠠᠪᠤᠳᠠᠯ ᠤᠨ ᠰᠠᠯᠠᠭ᠎ᠠ ᠮᠥᠴᠢᠷ ᠠᠴᠠ ᠰᠤᠯᠠ ᠪᠠᠶᠢᠬᠤ ᠤᠰᠤᠨ ᠤ ᠭᠦᠢᠴᠡᠳᠬᠡᠯ ᠲᠤᠭ᠎ᠠ ᠪᠠᠷ ᠲᠣᠭᠲᠠᠭᠠᠵᠤ᠂ ᠬᠠᠤᠯᠢ ᠶᠣᠰᠣᠭᠠᠷ ᠬᠤᠷᠢᠶᠠᠨ ᠠᠪᠬᠤ ᠶᠢᠨ | ᠬᠠᠮᠲᠤ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠪᠦᠷᠬᠦᠭᠰᠡᠨ ᠬᠡᠪᠴᠢᠶᠡᠨ | ᠳᠣᠲᠣᠷ᠎ᠠ᠂ ᠰᠠᠭᠤᠭᠠᠯᠢ ᠪᠤᠰᠤ ᠠᠷᠠᠳ ᠤᠰᠤᠨ ᠬᠤᠳᠳᠤᠭ ᠮᠠᠯᠲᠠᠵᠤ ᠪᠣᠯᠬᠤ ᠦᠭᠡᠢ᠃ | ᠨᠢᠭᠡᠨᠲᠡ ᠮᠠᠯᠲᠠᠭᠰᠠᠨ ᠤᠰᠤᠨ ᠬᠤᠳᠳᠤᠭ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠠᠴᠠ ᠡᠷᠬᠡ | ᠣᠯᠭᠤᠭᠰᠠᠨ ᠰᠠᠯᠠᠭ᠎ᠠ ᠮᠥᠴᠢᠷ ᠠᠴᠠ ᠴᠠᠭ ᠲᠣᠭᠲᠠᠭᠠᠨ ᠪᠢᠲᠡᠭᠦᠮᠵᠢᠯᠡᠵᠦ᠂ ᠡᠭᠦᠨ ᠳᠤ ᠣᠯᠠᠨ ᠨᠡᠶᠢᠲᠡ ᠶᠢᠨ ᠤᠰᠤ ᠬᠠᠩᠭᠠᠬᠤ ᠬᠡᠮᠵᠢᠶ᠎ᠡ᠂ ᠤᠰᠤᠨ ᠤ | ᠳᠠᠷᠤᠯᠲᠠ ᠨᠢ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠣᠷᠣᠨ ᠪᠦᠰᠡ ᠳᠣᠲᠣᠷᠠᠬᠢ ᠤᠰᠤᠨ ᠬᠤᠳᠳᠤᠭ ᠢ ᠪᠦᠬᠦᠨ ᠢ ᠣᠯᠠᠨ | ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠳᠤ ᠨᠡᠭᠦᠯᠭᠡᠨ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠰᠤᠷᠪᠤᠯᠵᠢ ᠶᠢᠨ ᠬᠤᠳᠳᠤᠭ ᠤᠨ | ᠬᠠᠮᠢᠶᠠᠷᠤᠯᠲᠠ ᠳᠤ ᠣᠷᠣᠭᠤᠯᠤᠨ᠎ᠠ᠃ | ᠭᠤᠷᠪᠠᠳᠤᠭᠠᠷ ᠪᠦᠯᠦᠭ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ | ᠠᠷᠪᠠᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤ ᠪᠠᠨ ᠲᠣᠬᠢᠷᠠᠭᠤᠯᠤᠨ ᠪᠣᠷᠣᠭᠠᠨ ᠤ ᠤᠰᠤᠨ ᠤ ᠴᠡᠴᠡᠷᠯᠢᠭ᠂ ᠬᠤᠲᠣᠭᠤᠷ ᠤᠨ ᠨᠣᠭᠤᠭᠠᠨ ᠭᠠᠵᠠᠷ᠂ ᠬᠥᠮᠦᠨ ᠤ ᠬᠦᠴᠦᠨ ᠤ ᠨᠤᠭᠤ ᠭᠠᠵᠠᠷ ᠵᠡᠷᠭᠡ | ᠠᠷᠭ᠎ᠠ ᠮᠠᠶ᠋ᠢᠭ ᠢ ᠠᠪᠴᠤ᠂ ᠬᠤᠲᠠ ᠶᠢᠨ ᠬᠠᠶᠢᠮᠢᠶᠠᠨ ᠪᠡᠶ᠎ᠡ ᠶᠢᠨ ᠴᠢᠳᠠᠪᠤᠷᠢ ᠶᠢ ᠴᠢᠩᠭᠠᠷᠠᠭᠤᠯᠵᠤ᠂ ᠪᠣᠷᠣᠭᠠᠨ ᠤ ᠤᠰᠤ ᠶᠢ ᠰᠢᠩᠭᠡᠭᠡᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠦᠵᠡᠮᠵᠢ ᠳᠤ ᠬᠡᠷᠡᠭᠯᠡᠬᠦ ᠤᠰᠤᠨ ᠤ ᠲᠠᠯ᠎ᠠ ᠪᠠᠷ | ᠤᠰᠤ ᠠᠷᠪᠢᠯᠠᠬᠤ ᠤᠳᠤᠷᠢᠳᠤᠮᠵᠢ ᠶᠢ ᠪᠠᠷᠢᠮᠲᠠᠯᠠᠨ᠂ ᠤᠰᠤ ᠠᠷᠪᠢᠯᠠᠬᠤ ᠮᠡᠷᠭᠡᠵᠢᠯ ᠢ ᠬᠡᠷᠡᠭᠯᠡᠵᠦ᠂ ᠳᠡᠭᠢᠯᠳᠡ ᠤᠰᠤ ᠪᠣᠯᠤᠨ ᠪᠣᠷᠣᠭᠠᠨ ᠤ ᠤᠰᠤ ᠶᠢ ᠡᠩ | ᠲᠡᠷᠢᠭᠦᠨ ᠳᠤ ᠠᠰᠢᠭᠯᠠᠨ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠬᠡᠷᠡᠭᠲᠡᠶ᠃ ᠳᠤᠰᠤᠯᠭᠠᠨ ᠤᠰᠤᠯᠠᠬᠤ᠂ ᠰᠡᠪᠡᠷᠡᠭᠦᠨ ᠤᠰᠤᠯᠠᠬᠤ | ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠪᠢᠯᠬᠠᠲᠠᠯ᠎ᠠ ᠤᠰᠤᠯᠠᠬᠤ ᠵᠡᠷᠭᠡ ᠤᠰᠤ ᠶᠡᠭᠡ ᠬᠤᠷᠣᠭᠳᠠᠭᠤᠯᠬᠤ | ᠤᠰᠤᠯᠠᠯᠲᠠ ᠶᠢᠨ ᠠᠷᠭ᠎ᠠ ᠶᠢ ᠬᠡᠷᠡᠭᠯᠡᠵᠦ ᠪᠣᠯᠬᠤ ᠦᠭᠡᠶ᠃ | ᠭᠠᠵᠠᠷ ᠳᠣᠤᠷᠠᠬᠢ ᠤᠰᠤ᠂ ᠲᠦᠭᠡᠭᠡᠯ ᠤᠰᠤ ᠪᠠᠷ ᠦᠵᠡᠮᠵᠢ ᠶᠢᠨ ᠭᠤᠤᠯ᠂ ᠬᠢᠮᠡᠯ ᠨᠠᠭᠤᠷ ᠤᠨ ᠤᠰᠤ ᠪᠣᠯᠭᠠᠬᠤ ᠶᠢ ᠴᠠᠭᠠᠵᠠᠯᠠᠨ᠎ᠠ᠃ | ᠠᠷᠪᠠᠨ ᠲᠠᠪᠤᠳᠤᠭᠠᠷ ᠵᠦᠢᠯ ᠴᠡᠴᠡᠷᠯᠢᠭ ᠤᠨ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠨᠢ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠳᠠᠭᠠᠬᠤ ᠬᠡᠷᠡᠭᠲᠡᠶ᠂ ᠤᠰᠤ ᠶᠢ ᠳᠤᠷ᠎ᠠ ᠪᠠᠷ ᠢᠶᠠᠨ ᠲᠠᠰᠤᠯᠵᠤ ᠬᠡᠷᠡᠭᠯᠡᠵᠦ ᠪᠣᠯᠬᠤ ᠦᠭᠡᠶ᠃ | ᠲᠦᠷᠪᠡᠳᠦᠭᠡᠷ ᠪᠦᠯᠦᠭ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ | ᠠᠷᠪᠠᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ᠂ ᠪᠠᠷᠢᠯᠭ᠎ᠠ | ᠪᠠᠷᠢᠭᠤᠯᠬᠤ ᠨᠢᠭᠡᠴᠢ ᠠᠴᠠ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠭᠤᠶᠤᠴᠢᠯᠠᠯ ᠢᠶᠠᠨ ᠳᠤᠷᠠᠳᠴᠤ᠂ ᠬᠠᠤᠯᠢ ᠶᠣᠰᠣᠭᠠᠷ ᠪᠠᠷᠢᠯᠭ᠎ᠠ ᠶᠢᠨ ᠤᠰᠤ ᠶᠢ | ᠳᠣᠷᠣᠭᠰᠢᠯᠠᠭᠤᠯᠬᠤ ᠶᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠭᠦᠢᠴᠡᠳᠬᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠡᠩ ᠲᠡᠷᠢᠭᠦᠨ ᠳᠤ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠵᠢᠴᠢ | ᠡᠷᠬᠢᠨ ᠲᠣᠭᠤᠷᠢᠨ ᠤ ᠭᠤᠤᠯ ᠤᠨ ᠵᠠᠮ᠂ ᠨᠣᠭᠤᠭᠠᠨ ᠭᠠᠵᠠᠷ᠂ ᠦᠵᠡᠮᠵᠢ ᠳᠤ ᠬᠡᠷᠡᠭᠯᠡᠬᠦ ᠤᠰᠤᠨ ᠳᠤ ᠬᠡᠷᠡᠭᠯᠡᠨ᠎ᠡ︔ ᠦᠯᠡᠳᠡᠭᠰᠡᠨ ᠢ ᠬᠤᠲᠠ ᠪᠠᠯᠭᠠᠰᠤᠨ ᠤ | ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢᠶᠠᠷ ᠭᠠᠳᠠᠭᠰᠢᠯᠠᠭᠤᠯᠤᠨ᠎ᠠ᠃ | ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠢᠶᠠᠷ ᠭᠠᠳᠠᠭᠰᠢᠯᠠᠭᠤᠯᠬᠤ ᠶᠢ | ᠴᠢᠩᠭ᠎ᠠ ᠴᠠᠭᠠᠵᠠᠯᠠᠨ᠎ᠠ᠃ | ᠠᠷᠪᠠᠨ ᠨᠠᠢᠮᠠᠳᠤᠭᠠᠷ ᠵᠦᠢᠯ ᠪᠠᠷᠢᠯᠭ᠎ᠠ ᠶᠢᠨ ᠤᠰᠤ ᠶᠢ ᠳᠣᠷᠣᠭᠰᠢᠯᠠᠭᠤᠯᠬᠤ ᠳᠤ ᠬᠡᠮᠵᠢᠯᠲᠡ ᠶᠢᠨ ᠪᠡᠯᠡᠳᠬᠡᠮᠵᠢ ᠤᠭᠰᠠᠷᠠᠬᠤ ᠶᠢᠨ ᠬᠠᠮᠲᠤ ᠬᠠᠤᠯᠢ | ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠬᠡᠷᠡᠭᠲᠡᠶ᠃ | ᠲᠠᠪᠤᠳᠤᠭᠠᠷ ᠪᠦᠯᠦᠭ ᠲᠥᠯᠥᠪᠯᠡᠭᠡ ᠲᠠᠢ ᠤᠰᠤ ᠬᠡᠷᠡᠭᠯᠡᠬᠦ | ᠠᠷᠪᠠ ᠶᠢᠰᠦᠳᠦᠭᠡᠷ ᠵᠦᠢᠯ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠣᠰᠣᠭᠠᠷ | ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ ᠬᠡᠷᠡᠭᠵᠢᠭᠦᠯᠵᠦ᠂ ᠵᠢᠯ ᠪᠦᠷᠢ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠲᠤ ᠤᠰᠤ ᠬᠡᠷᠡᠭᠯᠡᠬᠦ | ᠲᠥᠯᠥᠪᠯᠡᠭᠡ ᠭᠤᠶᠤᠴᠢᠯᠠᠵᠤ᠂ ᠬᠢᠨᠠᠨ ᠵᠥᠪᠰᠢᠶᠡᠷᠡᠭᠦᠯᠬᠦ ᠪᠠᠷ ᠳᠠᠮᠵᠢᠨ ᠲᠥᠯᠥᠪᠯᠡᠭᠡ ᠲᠠᠢ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠭᠰᠠᠨ ᠦᠨᠡᠮᠯᠡᠯ ᠢ | ᠣᠯᠬᠤ ᠬᠡᠷᠡᠭᠲᠡᠶ᠃ | ᠬᠤᠷᠢᠳᠤᠭᠠᠷ ᠵᠦᠢᠯ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠳᠤ ᠤᠰᠤ ᠬᠡᠷᠡᠭᠯᠡᠬᠦ ᠲᠥᠯᠥᠪᠯᠡᠭᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ ᠪᠦᠷᠬᠦᠭᠰᠡᠨ ᠬᠡᠪᠴᠢᠶᠡᠨ ᠳᠣᠲᠣᠷᠠᠬᠢ ᠰᠠᠭᠤᠭᠠᠯᠢ ᠠᠷᠠᠳ ᠤᠨ ᠪᠤᠰᠤ ᠤᠰᠤ | ᠬᠡᠷᠡᠭᠯᠡᠬᠦ ᠬᠥᠮᠦᠨ ︵ᠭᠠᠯ ᠤᠨᠲᠠᠷᠠᠭᠠᠬᠤ ᠳᠤ ᠬᠡᠷᠡᠭᠯᠡᠬᠦ ᠤᠰᠤ ᠪᠠᠭᠲᠠᠬᠤ ᠦᠭᠡᠶ︶ ᠲᠥᠯᠥᠪᠯᠡᠭᠡ ᠠᠴᠠ ᠳᠠᠪᠠᠭᠤᠯᠤᠨ᠂ ᠲᠣᠭᠲᠠᠭᠰᠠᠨ ᠨᠤᠷᠮ᠎ᠠ ᠠᠴᠠ | ᠳᠠᠪᠠᠭᠤᠯᠤᠨ ᠤᠰᠤ ᠬᠡᠷᠡᠭᠯᠡᠪᠡᠯ᠂ ᠬᠡᠲᠦᠷᠡᠭᠰᠡᠨ ᠬᠡᠰᠡᠭ ᠲᠤ ᠳᠣᠤᠷᠠᠬᠢ ᠮᠡᠲᠦ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠤᠰᠤ ᠬᠠᠩᠭᠠᠬᠤ ᠠᠵᠤ | ᠠᠬᠤᠶᠢᠯᠠᠯ ᠳᠤ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠭᠰᠡᠨ ᠤᠰᠤᠨ ᠤ ᠰᠦᠢᠳᠬᠡᠯ ᠲᠤᠰᠢᠶᠠᠬᠤ ᠬᠡᠷᠡᠭᠲᠡᠶ᠄ | ︵ᠨᠢᠭᠡ︶ ᠨᠢᠭᠡᠳᠦᠭᠡᠷ ᠳᠡᠰ ᠤᠨ ᠤᠰᠤᠨ ᠤ ᠦᠨ᠎ᠡ ᠶᠢ ᠡᠷᠦᠬᠡ ᠳᠤ ᠬᠦᠷᠬᠦ ᠤᠰᠤᠨ ᠤ ᠦᠨ᠎ᠡ ᠪᠠᠷ ᠲᠣᠭᠲᠠᠭᠠᠵᠤ᠂ ᠤᠰᠤᠨ ᠤ ᠬᠡᠮᠵᠢᠶ᠎ᠡ ᠶᠢ | ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠡᠮᠵᠢᠶ᠎ᠡ ᠶᠢ ᠬᠢᠨᠠᠨ ᠲᠣᠭᠲᠠᠭᠠᠭᠰᠠᠨ ᠦᠨᠡᠮᠯᠡᠯ ᠳᠤ ᠬᠢᠨᠠᠨ ᠲᠣᠭᠲᠠᠭᠠᠭᠰᠠᠨ ᠤᠰᠤᠨ ᠤ ᠬᠡᠮᠵᠢᠶ᠎ᠡ ᠪᠠᠷ ᠪᠠᠷᠢᠮᠵᠢᠶ᠎ᠠ | ᠪᠣᠯᠭᠠᠨ᠎ᠠ︔ | ︵ᠬᠤᠶᠠᠷ︶ ᠬᠤᠶᠠᠳᠤᠭᠠᠷ ᠲᠡᠰ ᠤᠨ ᠤᠰᠤᠨ ᠤ ᠦᠨ᠎ᠡ ᠶᠢ ᠨᠢᠭᠡᠳᠦᠭᠡᠷ ᠳᠡᠰ ᠤᠨ ᠤᠰᠤᠨ ᠤ ᠦᠨ᠎ᠡ ᠶᠢᠨ ᠨᠢᠭᠡ ᠳᠠᠬᠢᠨ ᠢᠶᠠᠷ ᠨᠡᠮᠡᠵᠦ ᠬᠤᠷᠢᠶᠠᠨ᠎ᠠ᠂ | ᠤᠰᠤᠨ ᠤ ᠬᠡᠮᠵᠢᠶ᠎ᠡ ᠨᠢ ᠨᠢᠭᠡᠳᠦᠭᠡᠷ ᠳᠡᠰ ᠤᠨ ᠤᠰᠤᠨ ᠤ ᠬᠡᠮᠵᠢᠶ᠎ᠡ ᠠᠴᠠ ᠬᠡᠲᠦᠷᠡᠭᠰᠡᠨ ᠪᠣᠯᠪᠠᠴᠤ ᠨᠢᠭᠡᠳᠦᠭᠡᠷ ᠳᠡᠰ ᠤᠨ ᠤᠰᠤᠨ ᠤ ᠬᠡᠮᠵᠢᠶ᠎ᠡ ᠶᠢᠨ ᠵᠠᠭᠤᠨ ᠤ | ᠬᠤᠷᠢ ︵ᠪᠠᠭᠲᠠᠨ᠎ᠠ︶ ᠠᠴᠠ ᠬᠡᠲᠦᠷᠡᠭᠰᠡᠨ ᠦᠭᠡᠢ ᠬᠡᠰᠡᠭ︔ | ︵ᠭᠤᠷᠪᠠ︶ ᠭᠤᠷᠪᠠᠳᠤᠭᠠᠷ ᠳᠡᠰ ᠤᠨ ᠤᠰᠤᠨ ᠤ ᠦᠨ᠎ᠡ ᠶᠢ ᠨᠢᠭᠡᠳᠦᠭᠡᠷ ᠳᠡᠰ ᠤᠨ ᠤᠰᠤᠨ ᠤ ᠦᠨ᠎ᠡ ᠶᠢᠨ ᠬᠤᠶᠠᠷ ᠳᠠᠬᠢᠨ ᠢᠶᠠᠷ ᠨᠡᠮᠡᠵᠦ ᠬᠤᠷᠢᠶᠠᠨ᠎ᠠ | ᠂ ᠤᠰᠤᠨ ᠤ ᠬᠡᠮᠵᠢᠶ᠎ᠡ ᠨᠢ ᠬᠤᠶᠠᠳᠤᠭᠠᠷ ᠳᠡᠰ ᠤᠨ ᠤᠰᠤᠨ ᠤ ᠬᠡᠮᠵᠢᠶ᠎ᠡ ᠠᠴᠠ ᠳᠠᠪᠠᠭᠰᠠᠨ ᠬᠡᠰᠡᠭ ᠪᠣᠯᠤᠨ᠎ᠠ᠃ | ᠡᠨᠧᠷᠭᠢ ᠶᠢᠨ ᠬᠤᠷᠣᠭᠳᠠᠯ ᠶᠡᠬᠡᠲᠡᠶ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠡᠬᠡᠲᠡᠶ ᠠᠵᠢᠯ ᠲᠥᠷᠥᠯ ᠤᠳ ᠳᠡᠭᠡᠷᠡᠬᠢ ᠦᠨ᠎ᠡ ᠨᠡᠮᠡᠬᠦ | ᠪᠠᠷᠢᠮᠵᠢᠶ᠎ᠠ ᠶᠢᠨ ᠶᠣᠰᠣᠭᠠᠷ ᠳᠠᠬᠢᠨ ᠢᠶᠠᠷ ᠬᠤᠷᠢᠶᠠᠨ᠎ᠠ᠃ | ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠵᠦ ᠪᠠᠶᠢᠭ᠎ᠠ ᠬᠥᠮᠦᠨ | ᠲᠥᠯᠥᠪᠯᠡᠭᠡ ᠠᠴᠠ ᠳᠠᠪᠠᠭᠤᠯᠤᠨ᠂ ᠲᠣᠭᠲᠠᠭᠰᠠᠨ ᠨᠤᠷᠮ᠎ᠠ ᠠᠴᠠ ᠳᠠᠪᠠᠭᠤᠯᠤᠨ ᠤᠰᠤ ᠬᠡᠷᠡᠭᠯᠡᠭᠰᠡᠨ ᠪᠣᠯ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ | ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠤᠰᠤᠨ ᠤ ᠡᠬᠢ ᠪᠠᠶᠠᠯᠢᠭ ᠤᠨ ᠭᠠᠶᠢᠯᠢ ᠶᠢ ᠨᠡᠮᠡᠵᠦ ᠲᠠᠲᠠᠪᠤᠷᠢᠯᠠᠨ᠎ᠠ᠃ | ᠬᠤᠷᠢᠨ ᠨᠢᠭᠡᠳᠦᠭᠡᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤ ᠬᠡᠮᠵᠢᠶ᠎ᠡ ᠠᠴᠠ ᠬᠡᠲᠦᠷᠡᠭᠰᠡᠨ ᠦᠨ᠎ᠡ ᠥᠰᠬᠡᠬᠦ ᠳᠤ ᠵᠥᠪᠬᠡᠨ | ᠲᠦᠭᠡᠭᠡᠯ ᠤᠰᠤᠨ ᠤ ᠤᠰᠤᠨ ᠤ ᠰᠦᠢᠳᠬᠡᠯ ᠳᠤ ᠦᠨ᠎ᠡ ᠨᠡᠮᠡᠵᠦ᠂ ᠪᠣᠬᠢᠷ ᠤᠰᠤ ᠰᠢᠢᠳᠪᠦᠷᠢᠯᠡᠬᠦ ᠵᠠᠷᠤᠳᠠᠯ᠂ ᠤᠰᠤᠨ ᠤ ᠡᠬᠢ ᠪᠠᠶᠠᠯᠢᠭ ᠤᠨ ᠭᠠᠶᠢᠯᠢ ᠪᠣᠯᠤᠨ | ᠡᠯ᠎ᠡ ᠵᠦᠢᠯ ᠤᠨ ᠨᠡᠮᠡᠯᠲᠡ ᠶᠢ ᠪᠠᠭᠲᠠᠭᠠᠬᠤ ᠦᠭᠡᠶ᠃ | ᠬᠤᠷᠢᠨ ᠬᠤᠶᠠᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠦᠰ ᠤᠰᠤ ᠠᠷᠪᠢᠯᠠᠬᠤ ᠪᠡᠯᠡᠳᠬᠡᠮᠵᠢ ᠪᠣᠯᠤᠨ ᠤᠰᠤ ᠠᠷᠪᠢᠯᠠᠬᠤ | ᠪᠠᠭᠠᠵᠢ ᠬᠡᠷᠡᠭᠰᠡᠯ ᠤᠭᠰᠠᠷᠠᠵᠤ ᠬᠡᠷᠡᠭᠯᠡᠬᠦ ᠬᠡᠷᠡᠭᠲᠡᠶ᠃ | ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠰᠤᠨ ᠤ ᠲᠡᠩᠴᠡᠭᠦᠷᠢ ᠶᠢᠨ | ᠲᠤᠷᠰᠢᠯᠲᠠ ᠪᠤᠶᠤ ᠤᠰᠤ ᠬᠡᠷᠡᠭᠯᠡᠬᠦ ᠵᠠᠳᠠᠯᠤᠯᠲᠠ ᠬᠢᠬᠦ ᠶᠢᠨ ᠬᠠᠮᠲᠤ ᠲᠤᠷᠰᠢᠯᠲᠠ ᠪᠤᠶᠤ ᠵᠠᠳᠠᠯᠤᠯᠲᠠ ᠶᠢᠨ ᠦᠷ᠎ᠡ ᠳ᠋ᠦᠩ ᠢ ᠦᠨᠳᠦᠰᠦᠯᠡᠨ ᠤᠰᠤ ᠬᠡᠷᠡᠭᠯᠡᠬᠦ | ᠠᠷᠭ᠎ᠠ ᠮᠠᠶ᠋ᠢᠭ ᠪᠤᠶᠤ ᠦᠢᠯᠡᠳᠪᠦᠷᠢᠯᠡᠯ ᠤᠨ ᠮᠡᠷᠭᠡᠵᠢᠯ᠂ ᠤᠷᠠᠨ ᠳᠠᠷᠬ᠎ᠠ᠂ ᠲᠥᠬᠦᠭᠡᠷᠦᠮᠵᠢ ᠪᠠ ᠦᠢᠯᠡᠳᠬᠦᠨ ᠵᠡᠷᠭᠡ ᠶᠢ ᠥᠭᠡᠷᠡᠴᠢᠯᠡᠨ ᠰᠠᠶᠢᠵᠢᠷᠠᠭᠤᠯᠬᠤ | ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠬᠤᠲᠠ ᠪᠠᠯᠭᠠᠰᠤ ᠶᠢᠨ ᠣᠨ ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ ᠲᠦᠮᠡᠨ ᠲᠣᠨ ᠠᠴᠠ ᠳᠡᠭᠡᠭᠰᠢᠬᠢ ᠰᠠᠭᠤᠭᠠᠯᠢ | ᠠᠷᠠᠳ ᠤᠨ ᠪᠤᠰᠤ ᠤᠰᠤ ᠬᠡᠷᠡᠭᠯᠡᠬᠦ ᠬᠥᠮᠦᠨ ᠨᠢ ᠤᠯᠤᠰ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠭᠤᠴᠠᠭ᠎ᠠ ᠲᠣᠭᠲᠠᠭᠠᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠪᠣᠯᠭᠠᠨ ᠪᠦᠲᠦᠭᠡᠨ ᠪᠠᠶᠢᠭᠤᠯᠵᠤ᠂ ᠤᠰᠤ ᠠᠷᠪᠢᠯᠠᠬᠤ ᠲᠥᠯᠥᠪᠯᠡᠭᠡ ᠲᠣᠭᠲᠠᠭᠠᠨ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠵᠤ ᠦᠢᠯᠡᠳᠪᠦᠷᠢ ᠶᠢᠨ ᠠᠵᠤ ᠠᠬᠤᠶᠢᠯᠠᠯ ᠳᠣᠲᠣᠭᠠᠳᠤ ᠳᠤ ᠪᠠᠨ ᠤᠰᠤ ᠬᠡᠷᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ | ᠂ ᠤᠰᠤ ᠠᠷᠪᠢᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠴᠢᠨᠠᠷ ᠬᠤᠪᠢᠶᠠᠨ ᠤᠰᠤ ᠬᠠᠩᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠬᠥᠷᠥᠭᠡᠬᠦ ᠪᠠ | ᠤᠬᠢᠶᠠᠬᠤ᠂ ᠤᠰᠤ ᠶᠢ ᠡᠷᠭᠢᠯᠳᠦᠭᠦᠯᠦᠨ ᠬᠡᠷᠡᠭᠯᠡᠬᠦ᠂ ᠬᠠᠶᠠᠭᠳᠠᠮᠠᠯ ᠤᠰᠤ ᠶᠢ ᠰᠢᠢᠳᠪᠦᠷᠢᠯᠡᠵᠦ ᠡᠭᠡᠭᠦᠯᠦᠨ ᠬᠡᠷᠡᠭᠯᠡᠬᠦ ᠵᠡᠷᠭᠡ ᠲᠡᠷᠢᠭᠦᠨ ᠤ᠂ ᠬᠡᠷᠡᠭᠯᠡᠭᠡᠨ ᠤ ᠤᠰᠤ | ᠠᠷᠪᠢᠯᠠᠬᠤ ᠮᠡᠷᠭᠡᠵᠢᠯ᠂ ᠤᠷᠠᠨ ᠳᠠᠷᠬ᠎ᠠ ᠪᠣᠯᠤᠨ ᠲᠥᠬᠦᠭᠡᠷᠦᠮᠵᠢ ᠶᠢ ᠬᠡᠷᠡᠭᠯᠡᠵᠦ᠂ ᠨᠢᠭᠡᠴᠢ ᠦᠢᠯᠡᠳᠬᠦᠨ ︵ᠦᠢᠯᠡᠳᠬᠦᠨ ᠤ ᠥᠷᠲᠡᠭ︶ ᠤ ᠤᠰᠤ | ᠬᠤᠷᠣᠭᠳᠠᠭᠤᠯᠬᠤ ᠬᠡᠮᠵᠢᠶ᠎ᠡ ᠶᠢ ᠪᠠᠭᠤᠷᠠᠭᠤᠯᠵᠤ᠂ ᠤᠰᠤᠨ ᠤ ᠡᠬᠢ ᠪᠠᠶᠠᠯᠢᠭ ᠢ ᠳᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠤᠰᠤ ᠶᠡᠭᠡ | ᠬᠤᠷᠣᠭᠳᠠᠭᠤᠯᠬᠤ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠰᠤ ᠬᠡᠷᠡᠭᠯᠡᠬᠦ ᠲᠣᠭᠲᠠᠭᠰᠠᠨ | ᠲᠤᠭ᠎ᠠ ᠠᠴᠠ ᠬᠡᠲᠦᠷᠡᠭᠰᠡᠨ ᠪᠣᠯ᠂ ᠬᠤᠭᠤᠴᠠᠭ᠎ᠠ ᠲᠣᠭᠲᠠᠭᠠᠨ ᠤᠰᠤ ᠠᠷᠪᠢᠯᠠᠬᠤ ᠥᠭᠡᠷᠡᠴᠢᠯᠡᠯᠲᠡ ᠬᠢᠬᠦ ᠬᠡᠷᠡᠭᠲᠡᠶ᠃ | ᠵᠢᠷᠭᠤᠳᠤᠭᠠᠷ ᠪᠦᠯᠦᠭ ᠳᠡᠭᠢᠯᠳᠡ ᠤᠰᠤ ᠶᠢ ᠠᠰᠢᠭᠯᠠᠬᠤ | ᠬᠤᠷᠢᠨ ᠲᠠᠪᠤᠳᠤᠭᠠᠷ ᠵᠦᠢᠯ ᠰᠠᠭᠤᠭᠠᠯᠢ ᠪᠤᠰᠤ ᠠᠷᠠᠳ ᠤᠨ ᠳᠠᠬᠢᠯᠲᠠ ᠤᠰᠤ ᠬᠡᠷᠡᠭᠯᠡᠬᠦ ᠶᠢ ᠵᠣᠷᠢᠭᠵᠢᠭᠤᠯᠤᠨ᠎ᠠ᠃ ᠰᠠᠭᠤᠭᠠᠯᠢ ᠪᠤᠰᠤ ᠠᠷᠠᠳ ᠳᠠᠬᠢᠯᠲᠠ | ᠤᠰᠤ ᠶᠢ ᠬᠡᠷᠡᠭᠯᠡᠪᠡᠯ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠬᠤ ᠦᠭᠡᠶ᠂ ᠪᠣᠬᠢᠷ ᠤᠰᠤ ᠰᠢᠢᠳᠪᠦᠷᠢᠯᠡᠬᠦ ᠵᠠᠷᠤᠳᠠᠯ ᠢ ᠲᠦᠷ ᠲᠠᠲᠠᠪᠤᠷᠢᠯᠠᠬᠤ ᠦᠭᠡᠶ᠂ | ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠲᠥᠯᠥᠪᠯᠡᠭᠡ ᠲᠠᠢ ᠤᠰᠤ ᠬᠡᠷᠡᠭᠯᠡᠬᠦ ᠳᠦᠷᠢᠮ ᠢ ᠬᠡᠷᠡᠭᠵᠢᠭᠦᠯᠬᠦ ᠦᠭᠡᠶ᠃ | ᠬᠤᠷᠢᠨ ᠵᠢᠷᠭᠤᠳᠤᠭᠠᠷ ᠵᠦᠢᠯ ᠰᠠᠭᠤᠭᠠᠯᠢ ᠪᠤᠰᠤ ᠠᠷᠠᠳ ᠳᠡᠭᠢᠯᠳᠡ ᠤᠰᠤ ᠶᠢ ᠠᠰᠢᠭᠯᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ᠂ ᠳᠡᠭᠢᠯᠳᠡ | ᠤᠰᠤ ᠶᠢ ᠲᠠᠲᠠᠵᠤ ᠬᠡᠷᠡᠭᠯᠡᠬᠦ ᠬᠡᠮᠵᠢᠶ᠎ᠡ ᠶᠢ ᠤᠰᠤ ᠲᠠᠲᠠᠵᠤ ᠬᠡᠷᠡᠭᠯᠡᠬᠦ ᠲᠥᠯᠥᠪᠯᠡᠭᠡ ᠪᠠ ᠤᠰᠤ ᠬᠤᠪᠢᠶᠠᠬᠤ ᠭᠦᠢᠴᠡᠳᠬᠡᠯ ᠲᠤᠭ᠎ᠠ ᠳᠤ ᠣᠷᠣᠭᠤᠯᠤᠨ᠎ᠠ᠃ ᠵᠦᠢ | ᠶᠣᠰᠣᠨ ᠤ ᠰᠢᠯᠲᠠᠭᠠᠨ ᠦᠭᠡᠶ ᠪᠠᠷ ᠳᠡᠭᠢᠯᠳᠡ ᠤᠰᠤ ᠶᠢ ᠬᠡᠷᠡᠭᠯᠡᠭᠰᠡᠨ ᠦᠭᠡᠶ ᠪᠣᠯ᠂ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠲᠡᠭᠦᠨ ᠤ ᠤᠰᠤ | ᠬᠡᠷᠡᠭᠯᠡᠬᠦ ᠭᠦᠢᠴᠡᠳᠬᠡᠬᠦ ᠲᠤᠭ᠎ᠠ ᠶᠢ ᠨᠢ ᠬᠠᠷᠭᠤᠭᠤᠯᠤᠨ ᠬᠠᠰᠤᠵᠤ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠲᠡᠭᠦᠨ ᠤ ᠰᠢᠨ᠎ᠡ ᠪᠠᠷ ᠤᠰᠤ ᠠᠪᠬᠤ | ᠵᠥᠪᠰᠢᠶᠡᠷᠡᠯ ᠢ ᠨᠢ ᠵᠥᠪᠰᠢᠶᠡᠷᠡᠵᠦ ᠪᠣᠯᠬᠤ ᠦᠭᠡᠶ᠃ | ᠬᠤᠷᠢᠨ ᠳᠣᠯᠣᠳᠤᠭᠠᠷ ᠵᠦᠢᠯ ᠳᠡᠭᠢᠯᠳᠡ ᠤᠰᠤᠨ ᠤ ᠤᠰᠤ ᠬᠠᠩᠭᠠᠬᠤ ᠣᠷᠣᠨ ᠤ ᠳᠣᠲᠣᠷ᠎ᠠ᠂ ᠳᠣᠤᠷᠠᠬᠢ ᠮᠡᠲᠦ ᠤᠰᠤᠨ ᠤ ᠬᠡᠷᠡᠭᠯᠡᠯᠲᠡ ᠳᠤ ᠳᠡᠭᠢᠯᠳᠡ | ᠤᠰᠤ ᠶᠢ ᠬᠡᠷᠡᠭᠯᠡᠬᠦ ᠬᠡᠷᠡᠭᠲᠡᠶ᠄ | ︵ᠨᠢᠭᠡ︶ ᠬᠠᠶᠢᠯᠤᠭᠤᠯᠬᠤ᠂ ᠴᠠᠬᠢᠯᠭᠠᠨ ᠭᠠᠷᠭᠠᠬᠤ᠂ ᠬᠥᠷᠥᠭᠡᠬᠦ᠂ ᠤᠬᠢᠶᠠᠬᠤ᠂ ᠲᠥᠪᠯᠡᠷᠡᠭᠦᠯᠦᠨ ᠢᠯᠴᠢ ᠬᠠᠩᠭᠠᠬᠤ ᠵᠡᠷᠭᠡ ᠠᠵᠤ ᠦᠢᠯᠡᠳᠪᠦᠷᠢ ᠳᠤ | ᠬᠡᠷᠡᠭᠯᠡᠬᠦ ᠤᠰᠤ︔ | ︵ᠬᠤᠶᠠᠷ︶ ᠦᠵᠡᠮᠵᠢ ᠶᠢᠨ ᠭᠤᠤᠯ ᠪᠠ ᠬᠢᠮᠡᠯ ᠨᠠᠭᠤᠷ᠂ ᠭᠤᠤᠯ ᠤᠨ ᠤᠰᠤ ᠨᠥᠬᠦᠪᠥᠷᠢᠯᠡᠬᠦ᠂ ᠣᠶ ᠰᠢᠭᠤᠶ ᠨᠤᠲᠤᠭ ᠪᠡᠯᠴᠢᠭᠡᠷ ᠢ ᠪᠤᠶᠢᠵᠢᠭᠤᠯᠬᠤ᠂ | ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠂ ᠨᠤᠭᠤ ᠭᠠᠵᠠᠷ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠳᠤ ᠬᠡᠷᠡᠭᠯᠡᠬᠦ ᠤᠰᠤ︔ | ︵ᠭᠤᠷᠪᠠ︶ ᠵᠠᠮ ᠳᠡᠭᠡᠷ᠎ᠡ ᠰᠦᠷᠴᠢᠬᠦ᠂ ᠲᠡᠷᠭᠡ ᠬᠥᠰᠬᠡ ᠶᠢ ᠤᠬᠢᠶᠠᠵᠤ ᠴᠡᠪᠡᠷᠯᠡᠬᠦ᠂ ᠪᠠᠷᠢᠯᠭ᠎ᠠ ᠪᠠᠷᠢᠬᠤ᠂ ᠨᠡᠶᠢᠲᠡ ᠶᠢᠨ ᠵᠣᠷᠯᠣᠩ ᠢ ᠤᠬᠢᠶᠠᠬᠤ ᠪᠠ | ᠬᠤᠲᠠ ᠶᠢᠨ ᠶᠠᠪᠤᠳᠠᠯ ᠤᠨ ᠪᠤᠰᠤᠳ ᠬᠡᠷᠡᠭᠯᠡᠬᠦ ᠤᠰᠤ︔ | ︵ᠲᠦᠷᠪᠡ︶ ᠪᠤᠰᠤᠳ ᠳᠠᠬᠢᠯᠲᠠ ᠤᠰᠤ ᠶᠢ ᠬᠡᠷᠡᠭᠯᠡᠬᠦ ᠳᠤ ᠲᠤᠬᠢᠷᠠᠮᠵᠢᠲᠠᠶ᠃ | ᠳᠣᠯᠣᠳᠤᠭᠠᠷ ᠪᠦᠯᠦᠭ ᠬᠢᠨᠠᠯᠲᠠ ᠪᠠᠲᠤᠯᠠᠭ᠎ᠠ | ᠬᠤᠷᠢᠨ ᠨᠠᠢᠮᠠᠳᠤᠭᠠᠷ ᠵᠦᠢᠯ ᠰᠠᠭᠤᠭᠠᠯᠢ ᠪᠤᠰᠤ ᠠᠷᠠᠳ ᠲᠤᠰ ᠠᠷᠭ᠎ᠠ ᠶᠢᠨ ᠲᠣᠭᠲᠠᠭᠠᠯ ᠠᠴᠠ ᠭᠠᠳᠠᠭᠤᠷ ᠬᠠᠤᠯᠢ ᠶᠢ ᠵᠥᠷᠢᠴᠡᠨ ᠤᠰᠤ ᠲᠠᠲᠠᠵᠤ | ᠬᠡᠷᠡᠭᠯᠡᠭᠰᠡᠨ ᠪᠠᠶᠢᠪᠠᠯ᠂ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠳᠠᠬᠢᠯᠲᠠ ᠤᠰᠤ ᠶᠢ | ᠠᠰᠢᠭᠯᠠᠬᠤ ᠬᠠᠮᠢᠶᠠᠷᠤᠯᠲᠠ ᠶᠢᠨ ᠳᠦᠷᠢᠮ︾᠂ ︽ᠬᠥᠬᠡᠬᠤᠲᠠ ᠶᠢᠨ ᠬᠤᠲᠠ ᠶᠢᠨ ᠤᠰᠤ ᠬᠠᠩᠭᠠᠵᠤ ᠤᠰᠤ ᠬᠡᠷᠡᠭᠯᠡᠬᠦ ᠳᠦᠷᠢᠮ︾ ᠵᠡᠷᠭᠡ ᠬᠠᠤᠯᠢ ᠲᠣᠭᠲᠠᠭᠠᠯ | ᠶᠣᠰᠣᠭᠠᠷ ᠰᠢᠢᠳᠬᠡᠨ᠎ᠡ︔ ᠪᠤᠰᠤᠳ ᠲᠤ ᠬᠠᠷᠰᠢ ᠰᠠᠭᠠᠳ ᠤᠴᠠᠷᠠᠭᠤᠯᠤᠭᠰᠠᠨ ᠪᠤᠶᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠷᠰᠢ ᠰᠠᠭᠠᠳ ᠢ ᠠᠷᠢᠯᠭᠠᠵᠤ | ᠂ ᠬᠤᠬᠢᠷᠠᠯ ᠢ ᠲᠦᠯᠦᠬᠦ ᠬᠡᠷᠡᠭᠲᠡᠢ᠃ | ᠬᠤᠷᠢ ᠶᠢᠰᠦᠳᠦᠭᠡᠷ ᠵᠦᠢᠯ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ | ᠬᠥᠮᠦᠨ ᠤ ᠤᠰᠤ ᠬᠡᠷᠡᠭᠯᠡᠬᠦ ᠭᠦᠢᠴᠡᠳᠬᠡᠯ ᠲᠤᠭ᠎ᠠ ᠳᠠᠬᠢ ᠤᠰᠤᠨ ᠤ ᠰᠤᠷᠪᠤᠯᠵᠢ ᠶᠢᠨ ᠲᠥᠷᠥᠯ ᠬᠡᠯᠪᠡᠷᠢ᠂ ᠬᠡᠷᠡᠭᠴᠡᠭᠡ ᠨᠢ ᠤᠰᠤ ᠲᠠᠲᠠᠬᠤ ᠵᠥᠪᠰᠢᠶᠡᠷᠡᠯ ᠤᠨ | ᠦᠨᠡᠮᠯᠡᠯ ᠳᠤ ᠲᠣᠳᠣᠷᠬᠠᠶᠢᠯᠠᠭᠰᠠᠨ ᠤᠰᠤᠨ ᠤ ᠰᠤᠷᠪᠤᠯᠵᠢ ᠶᠢᠨ ᠲᠥᠷᠥᠯ ᠬᠡᠯᠪᠡᠷᠢ᠂ ᠤᠰᠤ ᠲᠠᠲᠠᠬᠤ ᠬᠡᠷᠡᠭᠴᠡᠭᠡ ᠯᠦᠭᠡ ᠨᠢᠭᠡᠳᠦᠯᠲᠡᠶ ᠪᠠᠶᠢᠵᠤ᠂ ᠤᠰᠤ | ᠬᠡᠷᠡᠭᠯᠡᠬᠦ ᠭᠦᠢᠴᠡᠳᠬᠡᠯ ᠲᠤᠭ᠎ᠠ ᠶᠢ ᠤᠰᠤ ᠲᠠᠲᠠᠬᠤ ᠵᠥᠪᠰᠢᠶᠡᠷᠡᠯ ᠤᠨ ᠤᠰᠤᠨ ᠤ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠶ᠃ | ᠭᠤᠴᠢᠳᠤᠭᠠᠷ ᠵᠦᠢᠯ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠥᠨ ᠤᠰᠤᠨ ᠤ ᠥᠰᠬᠡᠭᠰᠡᠨ ᠦᠨ᠎ᠡ ᠪᠠᠷ ᠤᠰᠤᠨ ᠤ ᠰᠦᠢᠳᠬᠡᠯ ᠢ | ᠲᠣᠭᠲᠠᠭᠰᠠᠨ ᠬᠤᠭᠤᠴᠠᠭᠠᠨ ᠳᠤ ᠲᠤᠰᠢᠶᠠᠭᠰᠠᠨ ᠦᠭᠡᠶ ᠪᠣᠯ᠂ ᠣᠯᠠᠨ ᠨᠡᠶᠢᠲᠡ ᠶᠢᠨ ᠤᠰᠤ ᠬᠠᠩᠭᠠᠬᠤ ᠠᠵᠤ ᠠᠬᠤᠶᠢᠯᠠᠯ ᠠᠴᠠ ᠬᠠᠤᠯᠢ ᠶᠣᠰᠣᠭᠠᠷ | ᠰᠢᠮᠳᠠᠭᠤᠯᠤᠨ ᠲᠤᠰᠢᠶᠠᠯᠭᠠᠬᠤ ᠬᠡᠷᠡᠭᠲᠡᠶ︔ ᠣᠯᠠᠨ ᠤᠳᠠᠭ᠎ᠠ ᠰᠢᠮᠳᠠᠭᠤᠯᠤᠨ ᠲᠤᠰᠢᠶᠠᠯᠭᠠᠭᠰᠠᠨ ᠴᠤ ᠮᠥᠨ ᠲᠤᠰᠢᠶᠠᠬᠤ ᠦᠭᠡᠶ ᠪᠣᠯ᠂ ᠣᠯᠠᠨ ᠨᠡᠶᠢᠲᠡ ᠶᠢᠨ | ᠤᠰᠤ ᠬᠠᠩᠭᠠᠬᠤ ᠠᠵᠤ ᠠᠬᠤᠶᠢᠯᠠᠯ ᠠᠴᠠ ᠵᠠᠭᠠᠯᠳᠤᠬᠤ ᠵᠡᠷᠭᠡ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠲᠡᠳᠡᠨ ᠢ ᠵᠠᠷᠤᠳᠠᠯ ᠲᠤᠰᠢᠶᠠᠬᠤ | ᠡᠭᠦᠷᠭᠡ ᠪᠠᠨ ᠭᠦᠢᠴᠡᠳᠬᠡᠬᠦ ᠶᠢ ᠱᠠᠭᠠᠷᠳᠠᠵᠤ ᠪᠣᠯᠤᠨ᠎ᠠ᠃ ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠣᠭᠤᠯᠤᠭᠰᠠᠨ ᠰᠠᠭᠤᠭᠠᠯᠢ ᠠᠷᠠᠳ ᠤᠨ | ᠪᠤᠰᠤ ᠤᠰᠤ ᠬᠡᠷᠡᠭᠯᠡᠬᠦ ᠬᠥᠮᠦᠨ ᠨᠢ ᠲᠥᠯᠥᠪᠯᠡᠭᠡ ᠠᠴᠠ ᠬᠡᠲᠦᠷᠡᠭᠰᠡᠨ᠂ ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠤᠰᠤᠨ ᠤ ᠡᠬᠢ ᠪᠠᠶᠠᠯᠢᠭ ᠤᠨ ᠭᠠᠶᠢᠯᠢ ᠪᠠᠨ | ᠴᠠᠭ ᠬᠤᠭᠤᠴᠠᠭᠠᠨ ᠳᠤ ᠪᠠᠨ ᠲᠤᠰᠢᠶᠠᠭᠰᠠᠨ ᠦᠭᠡᠶ ᠪᠣᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠬᠤ | ᠬᠡᠷᠡᠭᠲᠡᠶ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠨᠢᠭᠡᠳᠦᠭᠡᠷ ᠵᠦᠢᠯ ᠲᠣᠰ ᠠᠷᠭ᠎ᠠ ᠶᠢ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠬᠤᠲᠠ ᠶᠢᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠠᠴᠠ ᠡᠮᠦᠨᠡᠬᠢ | ᠬᠤᠯᠪᠣᠭᠳᠠᠯ ᠪᠦᠬᠦᠢ ᠲᠣᠭᠲᠠᠭᠠᠯ ᠨᠢ ᠲᠤᠰ ᠠᠷᠭ᠎ᠠ ᠯᠤᠭ᠎ᠠ ᠨᠢᠭᠡᠳᠦᠯ ᠦᠭᠡᠢ ᠪᠠᠶᠢᠪᠠᠯ᠂ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | | | |