ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
ᠾᠧ ᠬᠠᠢ ᠳ᠋ᠦᠩ ᠬᠤᠷᠠᠯ ᠢ ᠡᠷᠬᠢᠯᠡᠪᠡ       ︵ᠰᠤᠷᠪᠤᠯᠵᠢᠯᠠᠭᠴᠢ ᠯᠢᠶᠠᠩ ᠵᠢᠩ ᠱᠤ᠋︶ 6 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ  ᠲᠠᠢ ᠲᠡᠮᠡᠴᠡᠬᠦ ᠠᠵᠢᠯ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠥᠬᠡᠬᠤᠲᠠ ᠶᠢᠨ ᠨᠠᠮ ᠵᠠᠰᠠᠭ ᠤᠨ ᠤᠳᠤᠷᠢᠳᠬᠤ ᠺᠠᠳ᠋ᠷ ᠤᠨ 2024 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠬᠠᠭᠤᠳᠠᠰᠤ︾ ︽ᠬᠥᠬᠡᠬᠤᠲᠠ ᠶᠢᠨ ᠬᠤᠲᠠ ᠶᠢᠨ ᠭᠤᠣᠯ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠲᠤᠰᠬᠠᠶ ᠲᠥᠯᠥᠪᠵᠢᠭᠦᠯᠭᠡ ︵2024 - 2027︶︾ ︽ᠬᠥᠬᠡᠬᠤᠲᠠ ᠶᠢᠨ ᠬᠤᠲᠠ ᠶᠢᠨ ᠭᠤᠣᠯ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠶ ᠲᠥᠯᠥᠪᠵᠢᠭᠦᠯᠭᠡ ︵2024 - 2027︶︾ ︽ᠬᠥᠬᠡᠬᠤᠲᠠ ᠶᠢᠨ ᠥᠪᠡᠷᠲᠡᠭᠡᠨ ᠵᠠᠰᠠᠬᠤ ᠣᠷᠣᠨ ᠤ 2023 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠬᠢᠨᠠᠨ ᠰᠢᠯᠭᠠᠨ ᠦᠨᠡᠯᠡᠵᠦ ᠵᠠᠷᠯᠠᠨ ᠮᠡᠳᠡᠭᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠮᠠᠨ ᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠶᠤᠯᠭᠦᠢ ᠶᠢ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠵᠢᠷᠤᠮᠵᠢᠭᠤᠯᠤᠨ ᠬᠠᠮᠢᠶᠠᠷᠬᠤ ᠪᠠ ᠡᠬᠢ ᠪᠠᠶᠠᠯᠢᠭᠵᠢᠭᠤᠯᠤᠨ ᠠᠰᠢᠭᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠤᠬᠠᠭᠤᠯᠬᠤ ᠬᠡᠯᠲᠡᠰ ᠤᠨ ᠱᠠᠭᠠᠷᠳᠠᠯᠭ᠎ᠠ ᠶᠣᠰᠣᠭᠠᠷ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠰᠠᠶᠢᠵᠢᠷᠠᠭᠤᠯᠤᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠴᠢᠩᠭᠠᠳᠬᠠᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠠᠯᠤᠰ ᠬᠡᠲᠦ ᠶᠢ ᠪᠣᠳᠣᠯᠬᠢᠯᠠᠨ᠂ ᠶᠡᠭᠡ ᠬᠠᠨᠳᠤᠰᠢ ᠶᠢ ᠡᠵᠡᠮᠳᠡᠵᠦ᠂ ᠡᠭᠦᠳᠡ ᠪᠠᠨ ᠨᠡᠭᠡᠭᠡᠨ ᠲᠥᠷᠥ ᠶᠢᠨ ᠪᠣᠳᠣᠯᠭ᠎ᠠ ᠶᠢ ᠠᠰᠠᠭᠤᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠮᠠᠨ ᠤ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠵᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠳᠠᠯᠠᠵᠤ᠂ ᠺᠠᠳ᠋ᠷ ᠤᠨ ᠡᠩᠨᠡᠭᠡ ᠶᠢ ᠰᠢᠯᠢᠳᠡᠭᠵᠢᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ