ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
ᠯᠢ ᠵᠢᠶᠦ᠋ᠩ ᠬᠤᠷᠠᠯ ᠢ ᠡᠷᠬᠢᠯᠡᠪᠡ       ︵ᠰᠤᠷᠪᠤᠯᠵᠢᠯᠠᠭᠴᠢ ᠭᠧᠩ ᠰᠢᠨ︶ 6 ᠳ᠋ᠤᠭᠠᠷ ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶᠦ᠋ᠩ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠡᠤ ᠸᠧᠨ ᠮᠢᠩ᠂ ᠯᠠᠨ ᠹᠧᠩ᠂ ᠶᠢᠨ ᠴᠦᠨ ᠯᠢᠶᠠᠩ᠂ ᠸᠧᠶ ᠬᠤᠩ ᠵᠢᠶᠦ᠋ᠨ᠂ ᠵᠠᠩ ᠵᠥᠩ ᠳ᠋ᠦᠩ᠂ ᠶᠦᠨ ᠢᠦᠶ ᠮᠧᠶ᠂ ᠨᠠᠷᠢᠨ ᠪᠢᠴᠢᠭ ᠤᠨ ᠳᠠᠷᠤᠭ᠎ᠠ ᠰᠢᠩ ᠵᠢᠶᠦ᠋ᠨ ᠫᠢᠩ ᠬᠤᠷᠠᠯ ᠳᠤ ᠣᠷᠣᠯᠴᠠᠵᠠᠶ᠃ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ᠂ ᠹᠦ᠋ ᠶᠢᠨ ᠽᠠᠢ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠵᠣᠣ ᠰᠢ ᠮᠢᠨ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠰᠢᠶᠤᠤ ᠬᠤᠩ ᠬᠤᠷᠠᠯ ᠳᠤ ᠰᠤᠯᠠ ᠣᠷᠣᠯᠴᠠᠪᠠ᠃      ᠪᠠᠶᠢᠩᠭᠤ ᠶᠢᠨ ᠬᠤᠷᠢᠶᠠᠨ ᠤ ᠭᠡᠰᠢᠭᠦᠨ 44 ᠬᠦᠮᠦᠨ ᠬᠤᠷᠠᠯ ᠳᠤ ᠤᠷᠤᠯᠴᠠᠵᠤ᠂ ᠬᠠᠤᠯᠢ ᠳᠤ ᠳᠤᠭᠲᠠᠭᠠᠭᠰᠠᠨ ᠬᠦᠮᠦᠨ ᠤ ᠳᠤᠭ᠎ᠠ ᠳᠤ ᠨᠡᠶᠢᠴᠡᠵᠡᠢ᠃      ᠬᠤᠷᠠᠯ ᠠᠴᠠ ︽ᠬᠥᠬᠡᠬᠤᠲᠠ ᠶᠢᠨ ᠬᠤᠳᠠ ᠶᠢᠨ ᠭᠤᠣᠯ ᠲᠣᠭᠤᠷᠢᠭ ᠤᠨ ᠬᠤᠳᠠ ᠶᠢ ᠲᠣᠭᠤᠷᠢᠭᠰᠠᠨ ᠤᠰᠤᠨ ᠪᠦᠰᠡ ᠶᠢᠨ ᠬᠠᠮᠠᠭᠠᠯᠠᠯᠲᠠ ᠶᠢᠨ ᠲᠦᠷᠢᠮ︾              ︽ᠬᠥᠬᠡᠬᠤᠲᠠ ᠶᠢᠨ ᠬᠠᠶᠢᠮᠢᠶᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠢ ᠲᠠᠰᠤᠯᠠᠨ ᠪᠠᠲᠤᠯᠠᠪᠠ᠃ ᠬᠤᠷᠠᠯ ᠠᠴᠠ ︽ᠬᠥᠬᠡᠬᠤᠲᠠ ᠶᠢᠨ ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠲᠡᠩᠭᠡᠯᠢᠭ ᠤᠨ ᠬᠠᠮᠠᠭᠠᠯᠠᠯᠲᠠ ᠶᠢᠨ ᠲᠦᠷᠢᠮ ︵ᠲᠥᠰᠦᠯ︶︾ ᠢ ᠬᠢᠨᠠᠨ ᠵᠥᠪᠯᠡᠪᠡ᠃      ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠣᠯᠭᠤᠯᠲᠠ ᠶᠢ ᠠᠬᠢᠭᠤᠯᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ  ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠲᠠ ᠶᠢᠨ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ︽ᠳᠥᠷᠪᠡᠨ ᠨᠢᠭᠡ︾ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠮᠡᠳᠡᠭᠦᠯᠦᠯᠲᠡ᠂ ᠬᠤᠲᠠ ᠶᠢᠨ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠪᠦᠬᠦ ᠬᠤᠲᠠ ᠶᠢᠨ ᠰᠢᠭᠦᠬᠦ ᠬᠤᠷᠢᠶᠠᠨ ᠤ ᠬᠡᠷᠡᠭᠵᠢᠭᠦᠯᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯ ᠤᠨ ᠪᠠᠶᠢᠳᠠᠯ ᠤᠨ  ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ᠃      ᠲᠣᠰ ᠤᠳᠠᠭᠠᠨ ᠤ ᠪᠠᠶᠢᠩᠭᠤ ᠶᠢᠨ ᠬᠤᠷᠢᠶ᠎ᠠ ᠠᠩᠬ᠎ᠠ ᠤᠳᠠᠭ᠎ᠠ ᠳᠤᠭᠤᠶᠢᠯᠠᠩ ᠬᠠᠮᠲᠤᠷᠠᠭᠰᠠᠨ ᠬᠤᠷᠠᠯ ᠢᠶᠠᠷ ᠬᠢᠨᠠᠨ ᠵᠥᠪᠯᠡᠬᠦ ᠬᠡᠯᠪᠡᠷᠢ ᠪᠠᠷ ᠪᠠᠶᠢᠩᠭᠤ ᠶᠢᠨ ᠬᠤᠷᠢᠶᠠᠨ ᠤ ᠬᠡᠰᠡᠭ ᠭᠡᠰᠢᠭᠦᠨ ᠵᠢᠴᠢ ᠬᠤᠷᠠᠯ ᠳᠤ ᠰᠤᠯᠠ ᠣᠷᠣᠯᠴᠠᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠨᠠᠨ ᠵᠥᠪᠯᠡᠬᠦ ᠶᠠᠷᠢᠶ᠎ᠠ ᠶᠢ ᠰᠣᠨᠣᠰᠪᠠ᠃      ᠬᠤᠷᠠᠯ ᠠᠴᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠵᠤ᠂ ᠸᠠᠩ ᠺᠦᠨ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠬᠤᠷᠠᠯ ᠠᠴᠠ ᠰᠢᠨ᠎ᠡ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠬᠢᠪᠡ᠃      ᠬᠤᠷᠠᠯ ᠤᠨ ᠬᠤᠭᠤᠴᠠᠭᠠᠨ ᠳᠤ᠂ ᠯᠢ ᠵᠢᠶᠦ᠋ᠩ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠳᠤ ᠰᠤᠯᠠ ᠣᠷᠣᠯᠴᠠᠭᠰᠠᠨ ᠬᠡᠰᠡᠭ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠲᠤᠰᠬᠠᠶ ᠮᠡᠷᠭᠡᠵᠢᠯ ᠤᠨ ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠶᠢ ᠴᠢᠨᠠᠷ ᠰᠠᠶᠢᠲᠠᠶ ᠥᠷᠨᠢᠭᠦᠯᠬᠦ ᠵᠡᠷᠭᠡ ᠠᠵᠢᠯ ᠤᠨ ᠲᠣᠭᠤᠷᠢᠨ ᠳᠤ ᠶᠠᠷᠢᠯᠴᠠᠨ ᠰᠣᠯᠢᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ