ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠵᠢᠷᠭᠤᠳᠤᠭᠠᠷ ᠤᠳᠠᠭ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24
ᠾᠧ ᠬᠠᠢ ᠳ᠋ᠦᠩ ᠬᠤᠷᠠᠯ ᠢ ᠡᠷᠬᠢᠯᠡᠵᠡᠢ      ︵ᠰᠤᠷᠪᠤᠯᠵᠢᠯᠠᠭᠴᠢ ᠯᠢᠶᠠᠩ ᠵᠢᠩ ᠱᠥ︶ 6 ᠳ᠋ᠤᠭᠠᠷ ᠰᠠᠷ᠎ᠠ ᠶᠢᠨ 21 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠤᠢᠢᠷ᠎ᠠ ᠶᠢᠨ ᠬᠤᠭᠤᠴᠠᠭᠠᠨ ᠤ ᠲᠥᠪ ᠤᠨ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠲᠤᠰᠬᠠᠢ ᠰᠡᠳᠦᠪ ᠢᠶᠠᠷ ᠰᠤᠷᠤᠯᠴᠠᠪᠠ︔ ︽8 ᠶᠢ ᠭᠦᠨᠵᠡᠭᠡᠢ ᠣᠶᠢᠯᠠᠭᠠᠵᠤ᠂ 8 ᠶᠢ ᠣᠨᠣᠪᠴᠢᠲᠠᠢ ᠡᠵᠡᠮᠰᠢᠬᠦ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠭᠢᠯᠡᠪᠡ᠃      ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠶᠤᠲᠠᠳ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠯᠠᠷᠢᠯ ᠤᠨ ᠵᠠᠩᠭᠢᠯᠠᠭ᠎ᠠ ᠶᠢᠨ ᠴᠡᠭ ᠢ ᠠᠳᠬᠤᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠲᠦᠷᠦᠯ ᠤᠨ ᠠᠵᠢᠯ ᠣᠯᠭᠤᠯᠲᠠ ᠶᠢᠨ ᠠᠵᠢᠯᠲᠠᠨ ᠡᠯᠰᠡᠬᠦ ᠠᠵᠢᠯᠯᠠᠭ᠎ᠠ ᠪᠠᠷ ᠳᠠᠮᠵᠢᠭᠤᠯᠵᠤ᠂ ᠨᠡᠩ ᠤᠯᠠᠨ ᠤᠶᠤᠲᠠᠳ ᠢ ᠬᠥᠬᠡᠬᠤᠲᠠ ᠳᠤ ᠦᠯᠡᠳᠡᠭᠡᠬᠦ ᠪᠠᠷ ᠴᠢᠷᠮᠠᠶᠢᠬᠤ ᠬᠡᠷᠡᠭᠲᠡᠢ᠃ ᠰᠤᠷᠭᠠᠨ ᠬᠥᠮᠦᠵᠢᠯ᠂ ᠡᠮ ᠡᠮᠨᠡᠯᠭᠡ᠂ ᠵᠠᠮ ᠬᠠᠷᠢᠯᠴᠠᠭ᠎ᠠ᠂ ᠣᠷᠣᠨ ᠰᠠᠭᠤᠴᠠ᠂ ᠡᠷᠦᠬᠡ ᠠᠮᠠ ᠣᠷᠣᠭᠤᠯᠬᠤ ᠵᠡᠷᠭᠡ ᠪᠠᠲᠤᠯᠠᠭ᠎ᠠ ᠶᠢᠨ ᠠᠵᠢᠯ ᠢ ᠨᠠᠷᠢᠯᠢᠭ ᠪᠥᠭᠡᠳ ᠪᠣᠳᠠᠲᠠᠶᠢᠵᠢᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ ᠬᠥᠬᠡᠬᠤᠲᠠ ᠳᠤ ᠦᠯᠡᠳᠡᠭᠡᠵᠦ᠂ ᠰᠠᠶᠢᠲᠤᠷ ᠠᠮᠢᠳᠤᠷᠠᠭᠤᠯᠬᠤ ᠬᠡᠷᠡᠭᠲᠡᠶ ᠭᠡᠪᠡ᠃      ᠬᠤᠷᠠᠯ ᠠᠴᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠡᠭᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠭᠦᠨᠵᠡᠭᠡᠢ ᠣᠶᠢᠯᠠᠭᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ︔ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠬᠤ ᠬᠡᠷᠡᠭᠲᠡᠶ︔ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠨᠠᠮ ᠤᠨ ︽ᠵᠢᠷᠭᠤᠭᠠᠨ ᠶᠡᠭᠡ ᠰᠠᠬᠢᠯᠭ᠎ᠠ ᠪᠠᠲᠤ︾ ᠲᠠᠢ ᠬᠠᠷᠢᠴᠠᠭᠤᠯᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ ᠨᠠᠷᠢᠨ ᠬᠢᠨᠠᠮᠠᠭᠠᠢ ᠠᠵᠢᠯᠯᠠᠵᠤ᠂ ᠶᠣᠰᠣ ᠲᠦᠷᠢᠮ ᠲᠠᠢ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ