ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠰᠢᠨ᠎ᠡ ᠶᠢ ᠡᠭᠦᠳᠬᠦ ᠲᠥᠪ᠂ ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ᠂ ᠬᠥᠬᠡᠬᠤᠲᠠ ᠶᠢᠨ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠫᠠᠶᠢᠰᠠ ᠰᠡᠬᠦᠬᠦ ᠶᠣᠰᠣᠯᠠᠯ ᠬᠢᠪᠡ
ᠨᠡᠶᠢᠲᠡᠯᠡᠭᠰᠡᠨ ᠴᠠᠭ᠄
2024/6/24
ᠪᠣᠣ ᠭᠠᠩ  ᠰᠦᠨ ᠵᠢᠶᠦ᠋ᠨ ᠴᠢᠩ  ᠾᠧ ᠬᠠᠢ ᠳ᠋ᠦᠩ  ᠴᠧᠨ ᠱᠢ ᠢ  ᠸᠠᠩ ᠵᠢᠢ ᠰᠢᠶᠠᠩ ᠲᠥᠪ ᠤᠨ ᠫᠠᠶᠢᠰᠠ ᠶᠢ ᠰᠡᠬᠦᠵᠦ ᠰᠠᠭᠤᠳᠠᠯ ᠤᠨ ᠬᠤᠷᠠᠯ ᠬᠢᠪᠡ       ︵ᠰᠤᠷᠪᠤᠯᠵᠢᠯᠠᠭᠴᠢ  ᠶᠦᠨ ᠵᠢᠩ︶ 6 ᠳ᠋ᠤᠭᠠᠷ ᠰᠠᠷ᠎ᠠ ᠶᠢᠨ 22 ᠤᠨ ᠡᠳᠦᠷ᠂ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠰᠢᠨ᠎ᠡ ᠶᠢ ᠡᠭᠦᠳᠬᠦ ᠲᠥᠪ᠂ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ᠂ ᠬᠥᠬᠡᠬᠤᠲᠠ ᠶᠢᠨ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠫᠠᠶᠢᠰᠠ ᠰᠡᠬᠦᠬᠦ ᠶᠣᠰᠣᠯᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠬᠥᠭᠵᠢᠵᠦ ᠪᠠᠶᠢᠭ᠎ᠠ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠤᠨ ᠱᠢ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠡᠭᠦᠰᠭᠡᠨ ᠪᠠᠶᠢᠭᠤᠯᠤᠭᠴᠢ ᠴᠧᠨ ᠱᠢ ᠢ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠷᠬᠢᠯᠡᠭᠴᠢ᠂ ᠳᠤᠮᠳᠠᠳᠤ ᠤᠯᠤᠰ ᠤᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠰᠤᠳᠤᠯᠭᠠᠨ ᠤ ᠲᠥᠪ ᠤᠨ ᠡᠷᠬᠢᠯᠡᠭᠴᠢ ᠸᠠᠩ ᠵᠢᠢ ᠰᠢᠶᠠᠩ ᠲᠥᠪ ᠤᠨ ᠫᠠᠶᠢᠰᠠ ᠶᠢ ᠰᠡᠬᠦᠭᠰᠡᠨ ᠪᠦᠭᠡᠳ ᠰᠠᠭᠤᠳᠠᠯ ᠤᠨ ᠬᠤᠷᠠᠯ ᠬᠢᠪᠡ᠃      ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ ᠢ ᠲᠤᠰ ᠲᠤᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠬᠥᠬᠡᠬᠤᠲᠠ ᠬᠢᠭᠡᠳ ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠴᠠ ᠡᠭᠦᠳᠦᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠬᠠᠮᠵᠢᠯᠴᠠᠨ ᠰᠢᠨ᠎ᠡ ᠶᠢ ᠡᠭᠦᠳᠬᠦ ᠬᠠᠮᠲᠤ ᠶᠢᠨ ᠴᠣᠭᠴᠠ ᠶᠢ ᠪᠠᠶᠢᠭᠤᠯᠵᠤ᠂ ︽ᠲᠠᠪᠴᠠᠩ + ᠰᠠᠭᠤᠷᠢᠨ︾        ︽ᠰᠤᠳᠤᠯᠤᠨ ᠨᠡᠭᠡᠭᠡᠬᠦ + ᠠᠵᠤ ᠦᠢᠯᠡᠰ︾ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠬᠤᠯᠪᠣᠭᠠᠯᠠᠨ ᠬᠥᠳᠡᠯᠦᠯᠴᠡᠬᠦ ᠰᠢᠰᠲ᠋ᠧᠮᠵᠢ ᠶᠢ ᠪᠠᠶᠢᠭᠤᠯᠵᠤ᠂ ᠬᠢᠮᠡᠯ ᠤᠶᠤᠨ᠂ ᠠᠵᠤ ᠦᠢᠯᠡᠳᠪᠦᠷᠢ ᠶᠢᠨ ᠵᠥᠭᠡᠯᠡᠨ ᠲᠤᠨᠤᠭ᠂ ᠪᠣᠬᠢᠷᠲᠤᠯ ᠦᠭᠡᠢ ᠡᠨᠧᠷᠭᠢ ᠬᠠᠳᠠᠭᠠᠯᠠᠬᠤ᠂ ᠰᠦ ᠶᠢᠨ ᠦᠢᠯᠡᠰ᠂ ᠡᠪᠡᠰᠦᠨ ᠤ ᠦᠢᠯᠡᠰ᠂ ᠬᠠᠭᠠᠰ ᠳᠠᠮᠵᠢᠭᠤᠯᠤᠭᠴᠢ ᠶᠢᠨ ᠴᠠᠬᠢᠭᠤᠷ ᠤᠨ ᠮᠠᠲ᠋ᠧᠷᠢᠶᠠᠯ ᠵᠡᠷᠭᠡ ᠠᠵᠤ ᠦᠢᠯᠡᠰ ᠤᠨ ᠲᠣᠭᠤᠷᠢᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ       ︽ᠪᠦᠰᠡᠯᠡᠯᠲᠡ ᠶᠢ ᠰᠢᠪᠲᠤᠯᠬᠤ︾ ᠶᠢ ᠠᠬᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠪᠠᠷ ᠵᠣᠷᠢᠯᠲᠠ ᠪᠠᠨ ᠪᠣᠯᠭᠠᠵᠠᠢ᠃      ᠠᠵᠤ ᠦᠢᠯᠡᠳᠪᠦᠷᠢ ᠶᠢᠨ ᠵᠥᠭᠡᠯᠡᠨ ᠲᠣᠨᠤᠭ ᠪᠣᠯ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠰᠠᠭᠤᠷᠢ ᠪᠠ ᠭᠤᠣᠯ ᠲᠤᠯᠭᠠᠭᠤᠷᠢᠯᠠᠯ ᠪᠣᠯᠤᠨ᠎ᠠ᠃ ᠲᠣᠰ ᠤᠳᠠᠭᠠᠨ ᠤ ᠫᠠᠶᠢᠰᠠ ᠰᠡᠬᠦᠭᠰᠡᠨ ᠬᠥᠬᠡᠬᠤᠲᠠ ᠶᠢᠨ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠨᠢ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠳᠤ ᠨᠤᠲᠤᠭᠰᠢᠵᠤ᠂ ᠣᠷᠣᠨ ᠤ ᠲᠥᠪ ᠬᠤᠲᠠ ᠶᠢᠨ ᠣᠷᠣᠨ ᠪᠠᠶᠢᠷᠢ ᠪᠠ ᠠᠵᠤ ᠦᠢᠯᠡᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠴᠧᠨ ᠱᠢ ᠢ ᠠᠺᠠᠳᠧᠮᠢᠴᠢ ᠶᠢᠨ ᠪᠦᠯᠬᠦᠮ ᠤᠨ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠴᠢ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠬᠢ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠨᠠᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠪᠠ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠵᠤ᠂ ᠰᠤᠳᠤᠯᠤᠨ ᠨᠡᠭᠡᠭᠡᠬᠦ᠂ ᠬᠡᠷᠡᠭᠯᠡᠵᠦ ᠨᠡᠪᠴᠢᠭᠦᠯᠬᠦ᠂ ᠴᠢᠳᠠᠪᠤᠷᠢᠲᠠᠨ ᠢ ᠬᠥᠮᠦᠵᠢᠭᠦᠯᠬᠦ᠂ ᠶᠡᠷᠦᠩᠬᠡᠶᠢᠯᠡᠭᠰᠡᠨ ᠦᠢᠯᠡᠴᠢᠯᠡᠭᠡ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠲᠥᠪ ᠬᠤᠲᠠ ᠴᠢᠨᠠᠭᠰᠢᠯᠠᠪᠠᠯ ᠪᠥᠬᠦ ᠣᠷᠣᠨ ᠤ ᠠᠵᠤ ᠦᠢᠯᠡᠰ ᠤᠨ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠳᠤ ᠪᠥᠬᠦ ᠲᠠᠯ᠎ᠠ ᠪᠠᠷ ᠬᠦᠴᠦᠨ ᠣᠯᠭᠤᠬᠤ ᠪᠣᠯᠤᠨ᠎ᠠ᠃      ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠪᠡᠭᠡᠵᠢᠩ ᠲᠢᠶᠠᠨᠵᠢᠨ ᠡᡁᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠴᠧᠨ ᠱᠢ ᠢ ᠠᠺᠠᠳᠧᠮᠢᠴᠢ ᠶᠢᠨ ᠪᠦᠯᠬᠦᠮ ᠤᠨ ᠣᠷᠣᠨ ᠤ ᠲᠥᠪ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠡᠲᠡᠭᠡᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢᠶᠠᠷ ᠳᠠᠮᠵᠢᠭᠤᠯᠵᠤ᠂ ᠨᠡᠩ ᠤᠯᠠᠨ ᠲᠡᠷᠢᠭᠦᠨ ᠤ ᠣᠶᠢᠯᠠᠭᠠᠭᠳᠠᠬᠤᠨ᠂ ᠰᠢᠯᠢᠳᠡᠭ ᠲᠦᠷᠦᠯ ᠵᠦᠢᠯ ᠪᠣᠯᠣᠨ ᠰᠢᠯᠢᠳᠡᠭ ᠴᠢᠳᠠᠪᠤᠷᠢᠲᠠᠨ ᠢ ᠣᠷᠣᠨ ᠤ ᠲᠥᠪ ᠲᠤ ᠠᠪᠴᠢᠷᠠᠨ᠂ ᠭᠦᠨ ᠬᠠᠭᠠᠯᠪᠤᠷᠢᠯᠠᠵᠤ ᠨᠠᠷᠢᠨ ᠠᠷᠠᠴᠢᠯᠠᠵᠤ᠂ ᠦᠷ᠎ᠡ ᠪᠦᠲᠦᠭᠡᠯ ᠢᠯᠡᠭᠦᠬᠡᠨ ᠭᠠᠷᠭᠠᠵᠤ᠂ ᠬᠢᠮᠡᠯ ᠣᠶᠣᠨ ᠢᠶᠠᠷ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠨ ᠨᠡᠮᠡᠷᠢᠯᠡᠵᠦ᠂ ᠣᠷᠣᠨ ᠤ ᠲᠥᠪ ᠤᠨ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠶᠢ ᠬᠦᠰᠡᠵᠦ ᠪᠠᠶᠢᠨ᠎ᠠ ᠭᠡᠵᠡᠢ᠃      ᠴᠧᠨ ᠱᠢ ᠢ ᠪᠠ ᠸᠠᠩ ᠵᠢᠢ ᠰᠢᠶᠠᠩ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠥᠬᠡᠬᠤᠲᠠ ᠶᠢᠨ ᠬᠦᠴᠦᠲᠡᠢ ᠳᠡᠮᠵᠢᠯᠭᠡ ᠳᠤ ᠲᠠᠯᠠᠷᠬᠠᠵᠤ᠂ ᠬᠥᠬᠡᠬᠤᠲᠠ ᠶᠢᠨ ᠬᠡᠷᠡᠭᠯᠡᠭᠡᠨ ᠤ ᠠᠬᠤᠢ ᠪᠠᠶᠢᠳᠠᠯ ᠡᠯᠪᠡᠭ ᠪᠠᠶᠠᠯᠢᠭ᠂ ᠳᠠᠷᠠᠭᠠᠴᠢ ᠶᠢᠨ ᠠᠯᠬᠤᠮ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠲᠥᠪ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠷᠣᠨ ᠨᠤᠲᠤᠭ ᠤᠨ ᠠᠵᠤ ᠦᠢᠯᠡᠰ ᠤᠨ ᠳᠡᠭᠡᠳᠦ ᠲᠡᠰ ᠲᠤ ᠳᠠᠪᠰᠢᠬᠤ᠂ ᠣᠶᠣᠨᠴᠢᠯᠠᠬᠤ᠂ ᠪᠣᠬᠢᠷᠲᠤᠯ ᠦᠭᠡᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃      ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠠᠩ ᠴᠢᠩ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠠᠬᠢᠷᠤᠯ ᠭᠦᠸᠧ ᠰᠢ᠂ ᠬᠤᠳᠠ ᠶᠢᠨ ᠳᠡᠳ᠋ ᠳᠠᠷᠤᠭ᠎ᠠ ᠵᠢᠶᠤᠤ ᠬᠤᠩ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ