ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠠᠵᠤ ᠦᠢᠯᠡᠰ ᠤᠨ ᠬᠥᠭᠵᠢᠯᠲᠡ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/25
ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 6 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠥᠪᠥᠷ ᠮᠣᠩᠭᠤᠯ ᠳᠤ ᠠᠳᠠᠯᠢᠬᠠᠨ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠣᠷᠣᠨ ᠤ ᠲᠥᠪ ᠬᠤᠲᠠ ᠶᠢᠨ ᠪᠣᠳᠠᠲᠠᠢ ᠲᠠᠢ ᠨᠢᠭᠲᠠ ᠤᠶᠠᠯᠳᠤᠭᠤᠯᠤᠨ᠂ ᠨᠢᠭᠡ ᠴᠣᠭᠴᠠᠵᠢᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠮᠠᠨ ᠤ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ ᠤᠨ  ᠪᠦᠭᠡᠮᠨᠡᠷᠡᠯ︾ ᠤᠨ ᠰᠠᠭᠤᠷᠢ ᠳᠤ ᠰᠠᠭᠤᠷᠢᠯᠠᠨ᠂ ᠨᠢᠭᠡᠳᠦᠯᠲᠡᠢ ᠲᠥᠯᠥᠪᠯᠡᠨ ᠲᠥᠯᠥᠪᠵᠢᠭᠦᠯᠵᠦ᠂ ᠬᠠᠮᠵᠢᠯᠴᠠᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠰᠦ ᠶᠢᠨ ᠦᠢᠯᠡᠰ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠢᠮᠡᠯ ᠤᠶᠤᠨ᠂ ᠠᠮᠢ ᠨᠠᠰᠤᠨ ᠤ ᠰᠢᠨᠵᠢᠯᠡᠬᠦ ᠤᠬᠠᠭᠠᠨ᠂ ᠳᠣᠣᠷ᠎ᠠ ᠤᠭᠲᠠᠷᠭᠤᠢ ᠶᠢᠨ ᠠᠵᠤ ᠠᠬᠤᠢ᠂ ᠳᠣᠬᠢᠭᠤᠷ ᠲᠤᠯᠤᠭᠠᠨ ᠳᠠᠭᠠᠭᠤᠯᠢ ᠣᠳᠣᠨ ᠤ ᠵᠠᠮᠴᠢᠯᠠᠭᠤᠷ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠢ ᠬᠠᠮᠵᠢᠯᠴᠠᠨ ᠴᠢᠯᠥᠭᠡᠲᠦ ᠠᠷᠠᠯᠵᠢᠶᠠᠨ ᠤ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠦᠷᠦ ᠶᠢᠨ ᠪᠤᠳᠤᠯᠭ᠎ᠠ ᠶᠢᠨ ᠴᠢᠳᠠᠮᠵᠢ ᠪᠣᠯᠤᠨ ᠲᠠᠪᠴᠠᠩ ᠤᠨ ᠳᠠᠪᠠᠭᠤᠯᠢᠭ ᠢ ᠭᠦᠢᠴᠡᠳ ᠰᠠᠶᠢᠲᠤᠷ ᠠᠰᠢᠭᠯᠠᠵᠤ᠂ ︽ᠡᠯᠡᠰᠦᠨ ᠨᠢᠷᠤᠭᠤ︾ ᠶᠢᠨ ᠤᠯᠠᠨ ᠤᠯᠤᠰ ᠤᠨ ᠡᠭᠡ ᠬᠠᠭᠤᠷᠠᠢ ᠶᠢᠨ ᠭᠠᠷᠠᠮ ᠤᠨ ᠳᠤᠮᠳᠠᠳᠤ ᠧᠦ᠋ᠷᠣᠫᠠ᠂ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡᠨ ᠤ ᠲᠦᠷᠦᠯ ᠲᠡᠮᠳᠡᠭ ᠢ ᠲᠦᠷᠭᠡᠨ ᠡᠭᠦᠳᠴᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ  ᠣᠷᠴᠢᠨ ᠨᠥᠬᠦᠴᠡᠯ ᠢ ᠪᠤᠢ ᠪᠣᠯᠭᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠮᠠᠨ ᠤ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠬᠦ ᠶᠢ ᠬᠢᠪᠡᠰᠦ ᠵᠣᠬᠢᠬᠤ ᠶᠠᠪᠤᠳᠠᠯ᠂ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠢ ᠥᠷᠨᠢᠭᠦᠯᠵᠦ᠂ ᠬᠥᠬᠡᠬᠤᠲᠠ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠤᠨ ᠬᠤᠶᠢᠰᠢᠳᠠ ᠶᠢᠨ ᠵᠣᠪᠠᠨᠢᠯ ᠢ ᠰᠠᠶᠢᠲᠤᠷ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠣᠷᠣᠨ ᠤ ᠲᠥᠪ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭ᠎ᠠ ᠡᠭᠦᠷᠭᠡᠯᠡᠯ ᠢᠶᠠᠷ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠪᠣᠯᠤᠨ ᠬᠥᠭᠵᠢᠯᠲᠡ ᠶᠢᠨ ᠬᠠᠨᠳᠤᠰᠢ ᠶᠢ ᠨᠢᠭᠲᠠ ᠠᠩᠬᠠᠷᠴᠤ᠂ ᠪᠣᠷᠣᠭᠠᠨ ᠤ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠣᠨᠣᠪᠴᠢᠲᠠᠢ ᠡᠵᠡᠮᠰᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠡᠷᠡ ᠳᠠᠷᠤᠢ ᠳᠤᠨᠢ ᠨᠡᠶᠢᠲᠡᠯᠡᠬᠦ ᠬᠡᠷᠡᠭᠲᠡᠢ᠃ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠪᠣᠳᠠᠲᠠᠶ ᠠᠳᠬᠤᠵᠤ᠂ ᠠᠭᠤᠯᠠ ᠶᠢᠨ ᠦᠶᠡᠷ ᠤᠨ ᠭᠤᠤ᠂ ᠤᠰᠤᠨ ᠴᠥᠭᠦᠷᠥᠮ᠂ ᠦᠶᠡᠷ ᠤᠨ ᠵᠠᠮ ᠤᠨ ᠬᠠᠰᠢᠯᠭ᠎ᠠ ᠵᠢᠴᠢ ᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠠᠭᠤᠯᠵᠠᠷ᠂ ᠵᠦᠷᠢᠯᠢᠭ ᠬᠥᠭᠦᠷᠭᠡ ᠶᠢᠨ ᠳᠣᠣᠭᠤᠷ ᠭᠠᠷᠬᠤ᠂ ᠭᠠᠵᠠᠷ ᠳᠣᠤᠷᠠᠬᠢ ᠬᠤᠳᠠᠯᠳᠤᠭᠠᠨ ᠤ ᠲᠠᠯᠠᠪᠤᠷ᠂ ᠵᠠᠮ ᠤᠨ ᠬᠤᠲᠣᠭᠤᠷ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠪᠠᠶᠢᠴᠠᠭᠠᠬᠤ ᠤᠳᠠᠭ᠎ᠠ ᠶᠢ ᠨᠢᠭᠲᠠᠷᠠᠭᠤᠯᠤᠨ᠂ ᠠᠶᠤᠯ ᠠᠴᠠ ᠠᠪᠤᠷᠠᠨ ᠲᠤᠰᠠᠯᠠᠬᠤ ᠬᠦᠴᠦᠨ ᠢ ᠭᠦᠢᠴᠡᠳ ᠳᠣᠭᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠨ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠡᠯ᠎ᠡ ᠬᠦᠷᠢᠶᠡᠨ ᠤ ᠠᠵᠢᠯ ᠢ ᠪᠥᠬᠦ ᠬᠦᠴᠦᠨ ᠢᠶᠠᠷ ᠢᠶᠠᠨ ᠪᠣᠳᠠᠲᠠᠶ ᠠᠳᠬᠤᠵᠤ᠂ ᠪᠥᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠬᠤ ᠬᠡᠷᠡᠭᠲᠡᠶ᠃ ︽ᠬᠤᠲᠠ ᠶᠢᠨ ᠶᠡᠭᠡ ᠲᠠᠷᠢᠬᠢ︾ ᠳᠤ ᠲᠦᠰᠢᠭᠯᠡᠨ ᠪᠥᠬᠦ ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠨᠢᠭᠡᠳᠦᠯᠲᠡᠶ ᠦᠢᠯᠡᠴᠢᠯᠡᠭᠡᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠢᠲᠡᠭᠡᠮᠵᠢ ᠶᠢᠨ ᠲᠤᠭ᠎ᠠ ᠪᠠᠷᠢᠮᠲᠠ ᠶᠢ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠶ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠥᠨᠳᠥᠷ ᠪᠦᠲᠦᠮᠵᠢᠲᠡᠶ ᠤᠷᠤᠭᠰᠢᠲᠠᠶ  ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠦ᠂ ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠭᠡᠵᠡᠢ᠃      
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ