ᠬᠥᠬᠡᠬᠤᠲᠠ ᠶᠢᠨ ᠠᠩᠬᠠᠳᠠᠭᠴᠢ ᠪᠦᠯᠦᠭ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠪᠡᠯᠡ ᠮᠦᠩᠭᠦ ᠶᠢ ᠠᠮᠵᠢᠯᠲᠠ ᠲᠠᠢ ᠲᠠᠷᠬᠠᠭᠠᠪᠠ
ᠨᠡᠶᠢᠲᠡᠯᠡᠭᠰᠡᠨ ᠴᠠᠭ᠄
2024/6/25
      ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ᠂ ᠬᠥᠬᠡᠬᠤᠲᠠ ᠨᠢᠭᠡᠨᠲᠡ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠪᠡᠯᠡ ᠮᠥᠩᠭᠦ ᠭᠤᠶᠤᠴᠢᠯᠠᠬᠤ ᠶᠢ 750 ᠬᠦᠯᠢᠶᠡᠨ ᠠᠪᠴᠤ ᠰᠢᠢᠳᠪᠦᠷᠢᠯᠡᠨ᠂ 515 ᠶᠢ ᠬᠢᠨᠠᠨ ᠬᠠᠷᠭᠤᠭᠤᠯᠵᠤ᠂ ᠶᠠᠭ 245 ᠶᠢ ᠬᠢᠨᠠᠨ ᠬᠠᠷᠭᠤᠭᠤᠯᠵᠤ ᠪᠠᠢᠨ᠎ᠠ᠃ ᠠᠩᠬᠠᠳᠠᠭᠴᠢ ᠪᠦᠯᠦᠭ ᠬᠢᠨᠠᠨ ᠬᠠᠷᠭᠤᠭᠤᠯᠵᠤ ᠪᠠᠲᠤᠯᠠᠭᠰᠠᠨ 120 ᠮᠠᠰᠢᠨ ᠲᠡᠷᠭᠡᠨ ᠤ 130.8 ᠲᠦᠮᠡᠨ ᠲᠥᠭᠦᠷᠢᠭ ᠢ ᠨᠢᠭᠡᠨᠲᠡ ᠬᠡᠷᠡᠭᠯᠡᠭᠴᠢᠳ ᠲᠤ ᠬᠦᠷᠭᠡᠵᠦ᠂ ᠬᠤᠶᠠᠳᠤᠭᠠᠷ ᠪᠦᠯᠦᠭ ᠤᠨ ᠬᠢᠨᠠᠨ ᠬᠠᠷᠭᠤᠭᠤᠯᠵᠤ ᠪᠠᠲᠤᠯᠠᠭᠰᠠᠨ 395 ᠮᠠᠰᠢᠨ ᠲᠡᠷᠭᠡᠨ ᠤ ᠨᠥᠬᠦᠪᠦᠷᠢ ᠶᠢᠨ ᠪᠡᠯᠡ ᠮᠥᠩᠭᠦ 429.6 ᠲᠦᠮᠡᠨ ᠲᠥᠭᠦᠷᠢᠭ ᠢ ᠣᠶᠢᠷ᠎ᠠ ᠳᠤ ᠲᠠᠷᠬᠠᠭᠠᠬᠤ ᠪᠠᠷ ᠪᠠᠶᠢᠨ᠎ᠠ᠃      ᠤᠯᠤᠰ᠂ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠬᠡᠷᠡᠭᠯᠡᠭᠡᠨ ᠤ ᠨᠡᠮᠡᠭᠳᠡᠯ ᠢ ᠤᠯᠠᠮ ᠨᠢᠭᠡ ᠠᠯᠬᠤᠮ ᠳᠠᠶᠢᠴᠢᠯᠠᠬᠤ ᠶᠢᠨ ᠲᠥᠯᠥᠭᠡ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ᠂ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠵᠢᠴᠢ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠡᠭᠡᠭᠦᠯᠦᠨ ᠬᠤᠷᠢᠶᠠᠵᠤ ᠵᠠᠳᠠᠯᠬᠤ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠨᠠᠷᠢᠨ ᠨᠢᠮᠪᠠᠶ ᠲᠣᠬᠢᠷᠠᠭᠤᠯᠵᠤ᠂ ᠪᠦᠷᠢᠨ ᠪᠠᠷᠠᠭᠠᠲᠤ ᠬᠤᠳᠠᠯᠳᠤᠭᠠᠨ ᠤ ᠲᠠᠯᠠᠪᠤᠷ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ ᠡᠯᠧᠺᠲᠷᠣᠨ ᠳᠡᠯᠭᠡᠴᠡ ᠳᠡᠭᠡᠷ᠎ᠡ ᠤᠬᠠᠭᠤᠯᠭ᠎ᠠ ᠶᠢᠨ ᠵᠢᠷᠤᠭ ᠭᠠᠷᠭᠠᠵᠤ᠂ ᠸᠢᠴᠠᠲ ᠤᠨ ᠨᠡᠶᠢᠲᠡ ᠶᠢᠨ ᠳ᠋ᠤᠭᠠᠷ᠂ ᠲᠢᠺ ᠲᠣᠺ᠂ ᠬᠦᠬᠡᠬᠤᠲᠠ ᠶᠢᠨ ᠬᠠᠮ ᠵᠠᠭᠤᠴᠢᠯᠠᠭᠤᠷ ᠪᠠ ᠷᠠᠳᠢᠣ᠋ ᠲᠧᠯᠸᠢᠰ ᠬᠤᠷᠢᠶ᠎ᠠ ᠠᠴᠠ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠬᠥᠬᠡᠬᠤᠲᠠ ᠶᠢᠨ ᠲᠡᠷᠭᠡᠨ ᠦᠵᠡᠭᠦᠯᠦᠯᠭᠡ ᠳᠤ ᠤᠬᠠᠭᠤᠯᠭ᠎ᠠ ᠶᠢᠨ ᠴᠡᠭ ᠭᠠᠷᠭᠠᠵᠤ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠵᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠠᠷᠭ᠎ᠠ ᠵᠠᠮ ᠢᠶᠠᠷ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠰᠣᠯᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠡᠷᠡᠭᠯᠡᠭᠴᠢᠳ ᠤᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠬᠤᠪᠢ ᠶᠢᠨ ᠬᠡᠷᠡᠭᠯᠡᠭᠴᠢᠳ ᠤᠨ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠪᠠᠯᠠ ᠮᠥᠩᠭᠦ ᠭᠤᠶᠤᠴᠢᠯᠠᠬᠤ ᠮᠠᠲ᠋ᠧᠷᠢᠶᠠᠯ ᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠪᠡ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠤᠬᠠᠭᠤᠯᠵᠤ᠂ ᠴᠤᠪᠤᠷᠠᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠢᠨᠠᠨ ᠬᠠᠷᠭᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠥᠬᠦᠪᠥᠷᠢ ᠪᠠᠯᠠ ᠮᠥᠩᠭᠦ ᠶᠢ ᠰᠢᠯᠵᠢᠭᠦᠯᠦᠨ ᠥᠭᠬᠦ ᠬᠤᠷᠳᠤᠴᠠ ᠶᠢ ᠲᠦᠷᠭᠡᠳᠬᠡᠨ᠂ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠬᠠᠮᠲᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ