︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠠᠴᠠ | ᠣᠶᠢᠯᠠᠭᠠᠭᠰᠠᠨ ᠢᠶᠠᠷ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠠᠬᠢ ᠬᠦᠨᠳᠦᠳᠬᠡᠯ ᠪᠠ ᠬᠠᠯᠠᠮᠵᠢᠯᠠᠯ ᠢᠶᠠᠨ ᠤᠯᠠᠮ | ᠨᠢᠭᠡ ᠠᠯᠬᠤᠮ ᠢᠯᠡᠳᠬᠡᠬᠦ ᠶᠢᠨ ᠲᠥᠯᠥᠭᠡ᠂ ᠲᠣᠰ ᠡᠳᠦᠷ ᠠᠴᠠ ᠡᠬᠢᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ | ᠬᠠᠯᠠᠭᠳᠠᠭᠰᠠᠳ ᠤᠨ ᠬᠠᠷᠠᠭᠠᠯᠵᠠᠯ ᠤᠨ ᠦᠨᠡᠮᠯᠡᠯ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷᠡᠭᠳᠡᠭᠰᠡᠨ ᠪᠠᠭᠠᠲᠤᠷ᠂ ᠠᠯᠪᠠᠨ | ᠶᠠᠪᠤᠳᠠᠯ ᠢᠶᠠᠷ ᠪᠡᠶ᠎ᠡ ᠦᠷᠡᠭᠳᠡᠭᠰᠡᠨ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠦᠨᠡᠮᠯᠡᠯ︾ ᠲᠠᠢ ᠬᠥᠮᠦᠰ | ᠬᠥᠬᠡᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠰᠦᠢᠳᠬᠡᠯ ᠲᠤᠰᠢᠶᠠᠬᠤ ᠦᠭᠡᠢ ᠪᠠᠷ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠪᠣᠯᠤᠨ᠎ᠠ᠃ | ᠣᠶᠢᠯᠠᠭᠠᠭᠰᠠᠨ ᠢᠶᠠᠷ᠂ ᠡᠨᠡ ᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠯᠣᠭᠤᠴᠢ ᠳᠤ ᠲᠤᠰᠬᠠᠶᠢᠯᠠᠨ ᠬᠠᠮᠢᠶ᠎ᠠ ᠪᠥᠬᠦᠶ ᠪᠣᠯᠪᠠᠰᠤᠷᠠᠭᠤᠯᠤᠯ ᠪᠠ ᠤᠬᠠᠭᠤᠯᠭ᠎ᠠ ᠬᠢᠵᠦ᠂ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠪᠠ᠃ ᠡᠭᠦᠨ ᠤ ᠬᠠᠮᠲᠤ ᠨᠡᠶᠢᠲᠡ ᠶᠢᠨ ᠮᠠᠰᠢᠨ ᠲᠡᠷᠭᠡᠨ ᠳᠣᠲᠣᠷ᠎ᠠ ᠢᠯᠡ ᠲᠣᠳᠣ ᠤᠬᠠᠭᠤᠯᠭ᠎ᠠ ᠶᠢᠨ ᠲᠡᠮᠳᠡᠭ ᠨᠠᠭᠠᠵᠤ᠂ ᠥᠷᠭᠡᠨ ᠣᠯᠠᠨ | ᠴᠡᠷᠢᠭ ᠠᠴᠠ ᠬᠠᠯᠠᠭᠳᠠᠭᠰᠠᠳ ᠪᠠ ︽ᠭᠤᠷᠪᠠᠨ ᠭᠡᠷ ᠪᠦᠯᠢ︾ ︵ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ | ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ︶ ᠲᠤ ᠡᠨᠡ ᠬᠦ ᠠᠰᠠᠷᠠᠮᠵᠢ ᠶᠢ ᠮᠡᠳᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠮᠠᠨ ᠤ ᠬᠤᠲᠠ ᠶᠢᠨ ︽ᠬᠤᠶᠠᠷ ᠢ ᠬᠦᠷᠢᠶᠡᠯᠡᠬᠦ︾ ᠰᠢᠯᠢᠳᠡᠭ | ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠠᠵᠢᠯ ᠢ ᠦᠨᠡᠨ ᠬᠦ ᠨᠠᠷᠢᠯᠢᠭ ᠨᠠᠶᠢᠳᠠᠪᠤᠷᠢᠵᠢᠭᠤᠯᠵᠤ᠂ | ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠲᠡᠷᠭᠡᠨ ᠳᠤ ᠰᠠᠭᠤᠬᠤ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ | ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠬᠦᠷᠲᠡᠮᠵᠢ ᠶᠢᠨ ᠲᠥᠷᠥᠭᠳᠡᠯ ᠢ ᠨᠠᠩ ᠰᠠᠶᠢᠨ᠂ ᠵᠣᠯ ᠵᠢᠷᠭᠠᠯᠲᠤ | ᠲᠥᠷᠥᠭᠳᠡᠯ ᠢ ᠨᠠᠩ ᠦᠷᠭᠦᠯᠵᠢ᠂ ᠢᠷᠠᠭᠤ ᠠᠯᠳᠠᠷ ᠤᠨ ᠲᠥᠷᠥᠭᠳᠡᠯ ᠢ ᠨᠠᠩ ᠳᠡᠭᠡᠭᠰᠢᠯᠡᠭᠦᠯᠬᠦ ᠪᠠᠷ ᠴᠢᠷᠮᠠᠶᠢᠨ᠎ᠠ᠃ |