ᠪᠣᠣ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/26
ᠾᠧ ᠬᠠᠢ ᠳ᠋ᠦᠩ ᠣᠷᠣᠯᠴᠠᠵᠠᠢ      ︵ᠰᠤᠷᠪᠤᠯᠵᠢᠯᠠᠭᠴᠢ ᠭᠧᠩ ᠰᠢᠨ︶ 6 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠥᠰᠥᠯ ᠢ ᠰᠤᠳᠤᠯᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠪᠣᠣ ᠭᠠᠩ ᠬᠡᠯᠡᠬᠦ ᠳᠡᠭᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ ᠴᠢᠬᠤᠯᠠ ᠬᠥᠳᠡᠯᠭᠡᠭᠦᠷ ᠮᠥᠨ᠃ ᠬᠥᠬᠡᠬᠤᠲᠠ ᠶᠢᠨ ᠲᠡᠦᠬᠡ ᠰᠣᠶᠣᠯ ᠤᠨ ᠰᠤᠳᠠᠰᠤ ᠥᠨᠢ ᠤᠳᠠᠭᠠᠨ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠳᠤ ᠳᠠᠪᠠᠭᠤᠯᠢᠭ ᠲᠠᠢ᠂ ᠳᠠᠯᠳᠠ ᠬᠦᠴᠦᠨ ᠲᠠᠢ᠂ ᠠᠯᠤᠰ ᠢᠷᠡᠭᠡᠳᠦᠶ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠣᠯᠣᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠪᠦᠬᠦᠯᠢ ᠴᠣᠭᠴᠠ ᠪᠠᠷ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠪᠠᠶᠢᠷᠢᠰᠢᠭᠤᠯᠵᠤ᠂ ᠣᠷᠣᠨ ᠤ ᠲᠥᠪ ᠬᠤᠲᠠ ᠶᠢᠨ ᠣᠨᠴᠠᠯᠢᠭ ᠢ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠳᠤ ᠨᠡᠩ ᠰᠠᠶᠢᠲᠤᠷ ᠠᠭᠤᠰᠤᠯᠴᠠᠭᠤᠯᠵᠤ᠂ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠪᠣᠯᠣᠨ ᠡᠬᠡ ᠤᠯᠤᠰ ᠤᠨ ᠤᠮᠠᠷᠠᠲᠤ ᠬᠢᠯᠢ ᠶᠢᠨ ᠴᠢᠬᠤᠯᠠ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠡᠢ᠃ ︽ᠨᠢᠭᠡ ᠬᠤᠩᠬᠢᠯ · ᠬᠤᠶᠠᠷ ᠲᠡᠩᠭᠡᠯᠢᠭ · ᠭᠤᠷᠪᠠᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ 4A ᠲᠠᠰ᠂ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ︽ᠬᠥᠬᠡᠬᠤᠲᠠ ᠶᠢᠨ ᠠᠷᠪᠠᠨ ᠵᠢᠷᠭᠤᠭᠠᠨ ᠦᠵᠡᠮᠵᠢ︾ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠥᠨᠳᠦᠷᠯᠢᠭ ᠤᠨ ᠲᠠᠯ᠎ᠠ ᠨᠤᠲᠤᠭ᠂ ᠬᠠᠲᠤᠨ ᠭᠤᠤᠯ ᠣᠷᠳᠣ ᠴᠠᠭᠠᠨ ᠬᠡᠷᠡᠮ᠂ ᠬᠠᠭᠤᠴᠢ ᠰᠤᠳᠤᠯᠤᠯ ᠡᠷᠲᠡᠨ ᠤ ᠪᠠᠭᠤᠷᠢ᠂ ᠠᠵᠤ ᠦᠢᠯᠡᠳᠪᠦᠷᠢ ᠶᠢᠨ ᠰᠤᠳᠤᠯᠤᠨ ᠰᠤᠷᠤᠯᠴᠠᠬᠤ᠂ ᠬᠤᠪᠢᠰᠬᠠᠯ ᠤᠨ ᠬᠥᠮᠦᠵᠢᠯ᠂ ᠡᠪᠦᠯ ᠤᠨ ᠤᠯᠠᠷᠢᠯ ᠤᠨ ᠮᠥᠰᠥ ᠴᠠᠰᠤ ᠵᠡᠷᠭᠡ ᠭᠤᠤᠯ ᠰᠡᠳᠦᠪ ᠤᠨ ᠲᠣᠭᠤᠷᠢᠨ ᠳᠤ ᠨᠠᠩ ᠣᠯᠠᠨ ᠭᠦᠨᠵᠢᠭᠡᠢ ᠵᠢᠭᠤᠯᠴᠢᠯᠠᠯ᠂ ᠪᠡᠶᠡᠴᠢᠯᠡᠨ ᠣᠶᠢᠯᠠᠭᠠᠬᠤ ᠵᠢᠭᠤᠯᠴᠢᠯᠠᠯ ᠭᠠᠷᠭᠠᠵᠤ᠂ ᠴᠢᠨᠠᠷ ᠰᠠᠶᠢᠲᠠᠶ ᠦᠵᠡᠮᠵᠢ ᠶᠢᠨ ᠣᠷᠣᠨ ᠢ ᠴᠡᠭ ᠢ ᠬᠡᠯᠬᠢᠨ ᠱᠤᠭᠤᠮ ᠪᠣᠯᠭᠠᠵᠤ᠂ ᠱᠤᠭᠤᠮ ᠢ ᠬᠤᠯᠪᠣᠨ ᠬᠠᠪᠲᠠᠭᠠᠢ ᠪᠤᠯᠭᠠᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠨᠡᠩ ᠤᠯᠠᠨ ᠰᠦᠯᠵᠢᠶᠡᠨ ᠤ ᠰᠤᠳᠤᠨ ᠴᠡᠭ ᠢ ᠡᠭᠦᠳᠴᠦ᠂ ᠴᠢᠨᠠᠷ ᠰᠠᠶᠢᠲᠠᠢ ᠲᠣᠭᠯᠠᠯᠲᠠ ᠶᠢᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠵᠤᠭᠠᠴᠠᠯ ᠤᠨ ᠦᠢᠯᠡᠰ ᠤᠨ ᠬᠡᠯᠪᠡᠷᠢ ᠶᠢ ᠦᠨᠡᠨ ᠬᠦ ᠪᠠᠶᠠᠯᠢᠭᠵᠢᠭᠤᠯᠬᠤ ᠬᠡᠷᠡᠭᠲᠡᠢ᠃ ᠢᠵᠢ ᠪᠦᠷᠢᠳᠦᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠥᠲᠥᠴᠢ᠂ ᠲᠠᠶᠢᠯᠪᠤᠷᠢᠯᠠᠭᠴᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠶᠢᠯ ᠪᠠᠭᠤᠴᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠨ ᠲᠣᠭᠤᠷᠢᠬᠤ ᠬᠤᠳᠠᠯᠳᠤᠨ ᠠᠪᠬᠤ ᠵᠤᠭ᠎ᠠ ᠴᠡᠩᠭᠡᠯ ᠵᠡᠷᠭᠡ ᠡᠯᠧᠮᠧᠨ᠋ᠲ ᠤᠨ ᠬᠠᠩᠭᠠᠯᠭ᠎ᠠ ᠶᠢ ᠪᠦᠬᠦ ᠲᠠᠯ᠎ᠠ ᠪᠠᠷ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠤᠯᠴᠢᠯᠠᠭᠰᠠᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ  ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠯᠢ ᠰᠢᠶᠣᠣ ᠶᠠᠨ᠂ ᠸᠠᠩ ᠢᠦᠢ ᠲᠢᠶᠠᠨ᠂ ᠼᠤᠤ ᡁᠢ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ