ᠪᠣᠣ ᠭᠠᠩ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/27
       ︵ᠰᠤᠷᠪᠤᠯᠵᠢᠯᠠᠭᠴᠢ ᠭᠧᠩ ᠰᠢᠨ︶ 6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠪᠣᠣ ᠭᠠᠩ ᠤᠷᠢᠳ ᠬᠤᠵᠢᠳ ᠰᠠᠢ ᠱᠧᠩ ᠨᠡᠭᠦᠷᠡᠰᠦᠲᠥ᠋ᠷᠥᠭᠴᠢ ᠬᠢᠮᠢ ᠶᠢᠨ ᠴᠠᠬᠢᠭᠤᠷ᠂ ᠰᠠᠢ ᠱᠧᠩ 5GW ᠶᠢᠨ ᠥᠨᠳᠥᠷ ᠪᠦᠲᠦᠮᠵᠢᠲᠡᠢ ᠭᠡᠷᠡᠯ ᠴᠡᠨᠡᠭ ᠤᠨ ᠳᠠᠪᠬᠤᠷᠳᠠᠭᠰᠠᠨ ᠸᠠᠭᠠᠷ ᠤᠨ ᠲᠣᠨᠣᠭᠯᠠᠯ᠂ ᠵᠦᠩ ᠬᠤᠸᠠᠨ 10GW ᠶᠢᠨ ᠥᠨᠳᠥᠷ ᠪᠦᠲᠦᠮᠵᠢᠲᠡᠢ ᠭᠡᠷᠡᠯ ᠴᠡᠨᠡᠭ ᠤᠨ ᠳᠠᠪᠬᠤᠷᠳᠠᠭᠰᠠᠨ ᠸᠠᠭᠠᠷ ᠤᠨ ᠲᠣᠨᠣᠭᠯᠠᠯ᠂ ᠰᠢᠨ ᠬᠤᠸᠠ ᠶᠢᠨ 1 ᠲᠦᠮᠡᠨ ᠲᠣᠨ ᠬᠠᠭᠠᠰ ᠳᠠᠮᠵᠢᠭᠤᠯᠤᠭᠴᠢ ᠶᠢᠨ ᠳᠡᠰ ᠤᠨ ᠤᠯᠠᠨ ᠲᠠᠯᠠᠰᠲᠤ ᠴᠠᠬᠢᠭᠤᠷ᠂ ᠬᠤᠢ ᠪᠥᠸᠧ ᠮᠠᠰᠢᠨ ᠬᠥᠮᠥᠨ ᠦᠢᠯᠡᠳᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠠᠰᠢᠭᠯᠠᠯᠲᠠ ᠳᠤ ᠣᠷᠣᠭᠤᠯᠬᠤ ᠪᠡᠯᠡᠳᠬᠡᠯ᠂ ᠦᠢᠯᠡᠳᠪᠦᠷᠢᠯᠡᠯ ᠤᠨ ᠴᠢᠳᠠᠪᠤᠷᠢ ᠠᠰᠢᠭ ᠣᠯᠵᠠᠪᠤᠷᠢ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠲᠠᠭᠠᠨ ᠦᠢᠯᠡᠴᠢᠯᠡᠬᠦ ᠠᠵᠢᠯ ᠢ ᠨᠢᠭᠲᠠ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠪᠣᠣ ᠭᠠᠩ ᠬᠡᠯᠡᠬᠦ ᠳᠡᠭᠡᠨ᠂ ᠭᠤᠣᠯᠳᠠᠯᠭ᠎ᠠ ᠲᠠᠢ ᠲᠦᠷᠦᠯ ᠵᠦᠢᠯ ᠪᠣᠯ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠭᠦᠷ ᠪᠣᠯᠬᠤ ᠪᠠᠷ ᠪᠠᠷᠠᠬᠤ ᠦᠭᠡᠢ ᠪᠠᠰᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠬᠦ ᠪᠦᠲᠦᠮᠵᠢᠲᠡᠢ ᠠᠷᠭ᠎ᠠ ᠵᠠᠮ ᠮᠥᠨ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ᠂ ᠬᠡᠪᠴᠢᠶᠡᠵᠢᠯ ᠳᠤ ᠣᠷᠣᠭᠤᠯᠬᠤ ᠪᠦᠷᠢᠳᠬᠡᠯ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠴᠠᠬᠢᠭᠤᠷ ᠤᠨ ᠮᠠᠲ᠋ᠧᠷᠢᠶᠠᠯ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠡᠷᠭᠡ ᠭᠤᠣᠯᠯᠠᠬᠤ ᠠᠵᠤ ᠦᠢᠯᠡᠰ ᠪᠣᠯᠤᠨ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠳᠤ ᠰᠠᠭᠤᠷᠢᠯᠠᠵᠤ᠂ ᠤᠶᠤᠨᠴᠢ ᠦᠢᠯᠡᠳᠬᠦ᠂ ᠢᠷᠡᠭᠡᠳᠦᠢ ᠶᠢᠨ ᠮᠠᠲ᠋ᠧᠷᠢᠶᠠᠯ ᠵᠡᠷᠭᠡ ᠰᠢᠨ᠎ᠡ ᠪᠠᠷ ᠭᠦᠭᠵᠢᠭᠰᠡᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠣᠲᠣ ᠦᠶ᠎ᠡ ᠶᠢᠨ ᠬᠦᠷᠢᠶᠡᠯᠡᠩ ᠲᠣᠭᠤᠷᠢᠭ ᠤᠨ ᠪᠠᠷᠢᠮᠵᠢᠶ᠎ᠠ ᠶᠣᠰᠣᠭᠠᠷ᠂ ᠭᠠᠵᠠᠷ ᠰᠢᠷᠣᠶ᠂ ᠵᠠᠮ ᠱᠤᠭᠤᠮ᠂ ᠲᠡᠷᠭᠡᠨ ᠵᠣᠭᠰᠣᠭᠠᠯ ᠵᠢᠴᠢ ᠤᠰᠤ᠂ ᠴᠠᠬᠢᠯᠭᠠᠨ᠂ ᠰᠢᠲᠠᠮᠠᠬᠠᠢ ᠬᠡᠶ᠂ ᠳᠤᠯᠠᠭᠠᠯᠠᠭ᠎ᠠ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠠᠴᠢᠶᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠤᠨ ᠠᠮᠤᠷ ᠲᠦᠪᠰᠢᠨ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠯᠢ ᠰᠢᠶᠣᠣ ᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ