ᠪᠣᠣ ᠭᠠᠩ ᠾᠧ ᠬᠠᠢ ᠳ᠋ᠦᠩ ᠲᠢᠶᠠᠨᠵᠢᠨ ᠤ ᠷᠦᠢ ᠫᠦ᠋ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠱᠸᠤ ᠵᠢᠶᠦ᠋ᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/27
      6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠢᠶᠠᠨᠵᠢᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠲᠢᠶᠠᠨᠵᠢᠨ ᠤ ᠷᠦᠢ ᠫᠦ᠋ ᠠᠮᠢᠳᠤ ᠪᠣᠳᠠᠰ ᠤᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠱᠧᠤ ᠵᠢᠶᠦ᠋ᠨ ᠨᠠᠷ ᠲᠠᠢ ᠠᠭᠤᠯᠵᠠᠪᠠ᠃      ᠪᠣᠣ ᠭᠠᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠯᠢ ᠱᠧᠤ ᠵᠢᠶᠦ᠋ᠨ ᠨᠠᠷ ᠤᠨ ᠬᠥᠬᠡᠬᠤᠲᠠ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠤᠷᠤᠨ ᠤ ᠲᠦᠪ ᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯᠳᠠᠯᠭ᠎ᠠ ᠲᠠᠢ ᠴᠢᠭᠯᠡᠯ ᠪᠣᠯᠭᠠᠵᠤ᠂ ᠠᠵᠤ ᠦᠢᠯᠡᠰ ᠤᠨ ᠲᠥᠪᠯᠡᠷᠡᠯ ᠤᠨ ᠦᠢᠯᠡᠳᠦᠯ ᠶᠠᠭ ᠠᠯᠬᠤᠮ ᠠᠯᠬᠤᠮ ᠢᠶᠠᠷ ᠢᠯᠡᠷᠡᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠢ ᠥᠷᠭᠡᠨ ᠠᠭᠤᠳᠠᠮ᠂ ᠳᠠᠯᠳᠠ ᠬᠦᠴᠦᠨ ᠯᠤᠲᠤ ᠶᠡᠭᠡ ᠪᠠᠶᠢᠨ᠎ᠠ᠃ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢᠲᠠᠨ ᠤ ᠸᠠᠺᠼᠢᠨ᠂ ᠡᠩᠬᠦᠷᠡᠶ ᠠᠮᠢᠲᠠᠨ ᠤ ᠡᠮᠴᠢᠯᠡᠭᠡ᠂ ᠠᠮᠢᠳᠤ ᠪᠣᠳᠠᠰ ᠤᠨ ᠬᠤᠰᠢᠭᠤᠷᠠᠯ  ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠬᠡᠬᠤᠲᠠ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠷᠣᠨ ᠤ ᠲᠥᠪ ᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠣᠷᠣᠨ ᠤ ᠲᠥᠪ ᠬᠤᠲᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠦᠢᠯᠡᠴᠢᠯᠡᠭᠡ ᠬᠠᠩᠭᠠᠨ᠎ᠠ ᠭᠡᠵᠡᠢ᠃      ᠯᠢ ᠱᠸᠤ ᠵᠢᠶᠦ᠋ᠨ ᠬᠥᠬᠡᠬᠤᠲᠠ ᠶᠢᠨ ᠣᠷᠳᠣ ᠬᠤᠭᠤᠴᠠᠭᠠᠨ ᠤ ᠲᠤᠷᠰᠢ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠤᠳ ᠲᠤ ᠬᠥᠬᠡᠬᠤᠲᠠ ᠶᠢᠨ ᠬᠥᠭᠵᠢᠯᠲᠡ ᠶᠢᠨ ᠬᠠᠨᠳᠤᠰᠢ ᠡᠷᠴᠢᠮᠲᠡᠢ᠂ ᠠᠵᠤ ᠦᠢᠯᠡᠰ ᠤᠨ ᠪᠠᠶᠢᠷᠢᠰᠢᠭᠤᠯᠤᠯᠲᠠ ᠤᠷᠢᠳᠴᠢᠯᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ᠂ ᠢᠯᠠᠩᠭᠤᠶ᠎ᠠ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠦᠴᠦᠨ ᠵᠦᠢᠯ ᠪᠦᠷᠢᠨ᠂ ᠳᠠᠪᠠᠭᠤᠯᠢᠭ ᠲᠣᠪᠤᠶᠢᠮ᠎ᠠ ᠪᠣᠯᠵᠤ ᠪᠠᠶᠢᠨ᠎ᠠ᠃ ᠠᠵᠤ ᠠᠬᠤᠶᠢᠯᠠᠯ ᠬᠥᠬᠡᠬᠤᠲᠠ ᠳᠠᠬᠢ ᠪᠠᠯᠠ ᠣᠷᠣᠭᠤᠯᠤᠯᠲᠠ ᠪᠠᠨ ᠤᠯᠠᠮ ᠨᠢᠭᠡ ᠠᠯᠬᠤᠮ ᠥᠷᠭᠡᠳᠬᠡᠬᠦ᠂ ᠲᠡᠷᠢᠭᠦᠨ ᠤ ᠸᠠᠺᠼᠢᠨ ᠤ ᠦᠢᠯᠡᠳᠬᠦ ᠪᠠ ᠠᠮᠢᠳᠤ ᠪᠣᠳᠠᠰ ᠤᠨ ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠬᠦ ᠳᠤ ᠢᠲᠡᠭᠡᠯ ᠳᠦᠭᠦᠷᠡᠩ ᠪᠠᠶᠢᠨ᠎ᠠ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠲᠦᠷᠭᠡᠨ‌‍ᠲ᠋ᠥ᠋ᠯᠥᠪᠵᠢᠭᠦᠯᠵᠦ᠂ ᠬᠥᠬᠡᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠠᠭᠤᠯᠵᠠᠯᠲᠠ ᠳᠤ ᠣᠷᠣᠯᠴᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠪᠡᠭᠡᠵᠢᠩ ᠤᠨ ᠵᠢᠶᠦ᠋ᠨ ᠴᠧᠩ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠸᠧ ᠵᠢᠶᠠᠨ ᠵᠢᠶᠦ᠋ᠨ ᠨᠠᠷ ᠬᠠᠮᠲᠤ ᠰᠤᠷᠪᠤᠯᠵᠢᠯᠠᠪᠠ᠃       ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ