ᠬᠥᠬᠡᠬᠤᠲᠠ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠤᠨ ︽ᠠᠵᠢᠯ ᠤᠨ ᠲᠤᠰᠬᠠᠢ ᠠᠩᠭᠢ + ᠪᠠᠩᠬᠢ ᠶᠢᠨ ᠳᠠᠷᠤᠭ᠎ᠠ︾ ᠶᠢᠨ ᠭᠡᠷ᠎ᠡ ᠲᠣᠭᠲᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
      ︵ᠰᠤᠷᠪᠤᠯᠵᠢᠯᠠᠭᠴᠢ ᠶᠦᠨ ᠶᠠᠨ ᠹᠠᠩ︶ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠮᠥᠩᠭᠦᠨ ᠭᠦᠢᠯᠭᠡᠭᠡᠨ ᠤ ᠪᠠᠢᠭᠤᠯᠤᠮᠵᠢ ᠶᠢᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ ᠭᠤᠣᠯᠯᠠᠭᠴᠢ ᠠᠵᠤ ᠠᠬᠤᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠲᠦᠷᠭᠡᠨ ᠲᠤᠰᠬᠠᠯ ᠭᠠᠷᠭᠠᠵᠤ᠂ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠬᠦᠴᠦᠯᠡᠨ ᠠᠬᠢᠭᠤᠯᠵᠤ᠂ ᠣᠨᠴᠠᠯᠢᠭ ᠨᠢ ᠢᠯᠡ ᠲᠣᠳᠣ᠂ ᠬᠡᠯᠬᠢᠶ᠎ᠡ ᠨᠢ ᠪᠦᠷᠢᠨ ᠪᠦᠲᠦᠨ᠂ ᠥᠷᠢᠰᠦᠯᠳᠦᠬᠦ ᠬᠦᠴᠦᠨ ᠢᠶᠠᠷ ᠴᠢᠩᠭ᠎ᠠ ᠠᠵᠤ ᠦᠢᠯᠡᠰ ᠤᠨ ᠪᠦᠭᠡᠮᠨᠡᠷᠡᠯ ᠢ ᠪᠦᠵᠢᠭᠤᠯᠤᠨ ᠪᠠᠢᠭᠤᠯᠬᠤ ᠶᠢᠨ ᠲᠤᠰᠠᠳᠠ᠂ ᠲᠦᠷᠦᠭᠦᠬᠡᠨ᠂ ᠬᠥᠬᠡᠬᠤᠲᠠ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠤᠨ ︽ᠠᠵᠢᠯ ᠤᠨ ᠲᠤᠰᠬᠠᠢ ᠠᠩᠭᠢ + ᠪᠠᠩᠬᠢ ᠶᠢᠨ ᠳᠠᠷᠤᠭ᠎ᠠ︾ ᠭᠡᠷ᠎ᠡ ᠲᠣᠭᠲᠠᠬᠤ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ᠂ ᠬᠤᠲᠠ ᠶᠢᠨ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠢ ᠠᠬᠢᠭᠤᠯᠬᠤ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠪᠣᠯᠤᠨ ᠳᠤᠮᠳᠠᠳᠤ ᠤᠯᠤᠰ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠫᠦ᠋ ᠹᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠬᠤᠳᠠᠯᠳᠤᠭᠠᠴᠢᠨ ᠤᠷᠢᠬᠤ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ᠂ ᠰᠢᠩ ᠶᠧ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠵᠡᠷᠭᠡ ᠵᠢᠷᠭᠤᠭᠠᠨ ᠪᠠᠩᠬᠢ ᠠᠴᠠ ᠬᠤᠷᠠᠯ ᠳᠤ ᠣᠷᠣᠯᠴᠠᠵᠠᠶ᠃      ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠢ ᠠᠬᠢᠭᠤᠯᠬᠤ ᠠᠵᠢᠯ ᠤᠨ ᠲᠤᠰᠬᠠᠶ ᠠᠩᠭᠢ ᠶᠢᠨ ᠠᠯᠪᠠᠨ ᠬᠡᠷ ᠪᠣᠯᠤᠨ ᠭᠤᠤᠯᠯᠠᠨ ᠡᠷᠭᠢᠯᠡᠭᠰᠡᠨ ᠵᠢᠷᠭᠤᠭᠠᠨ ᠪᠠᠩᠬᠢ ᠲᠣᠰ ᠲᠣᠰ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠬᠤ ᠠᠵᠢᠯ ᠤᠨ ᠠᠷᠭ᠎ᠠ ᠬᠡᠮᠵᠢᠶ᠎ᠡ᠂ ᠣᠳᠣᠬᠠᠨ ᠤ ᠦᠷ᠎ᠡ ᠪᠦᠲᠦᠮᠵᠢ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠣᠭᠤᠷᠢᠨ ᠳᠤ ᠨᠠᠷᠢᠨ ᠲᠣᠳᠣᠷᠬᠠᠶ ᠲᠣᠳᠣᠷᠬᠠᠶᠢᠯᠠᠯᠲᠠ ᠬᠢᠵᠦ᠂ ᠵᠠᠰᠠᠭ ᠪᠠᠩᠬᠢ ᠬᠤᠶᠠᠷ ᠲᠠᠯ᠎ᠠ ᠪᠠᠷ ᠢᠶᠠᠨ ᠵᠢᠷᠭᠤᠭᠠᠨ ᠶᠡᠭᠡ ᠠᠵᠤ ᠦᠢᠯᠡᠰ ᠤᠨ ᠪᠦᠭᠡᠮᠨᠡᠷᠡᠯ ᠤᠨ ᠬᠥᠭᠵᠢᠯᠲᠡ ᠶᠢ ᠠᠬᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠶᠢ ᠬᠠᠮᠲᠤ ᠪᠠᠷ ᠰᠦᠪᠡᠭᠴᠢᠯᠡᠪᠡ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ︽ᠠᠵᠢᠯ ᠤᠨ ᠲᠤᠰᠬᠠᠶ ᠠᠩᠭᠢ + ᠪᠠᠩᠬᠢ ᠶᠢᠨ ᠳᠠᠷᠤᠭ᠎ᠠ︾ ᠶᠢᠨ ᠠᠵᠢᠯ ᠤᠨ ᠲᠣᠭᠲᠠᠴᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠰ ᠤᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠨ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠥᠨᠳᠥᠷ ᠪᠦᠲᠦᠮᠵᠢᠲᠡᠶ ᠬᠠᠮᠵᠢᠯᠴᠠᠭᠰᠠᠨ᠂ ᠰᠠᠭᠠᠳ ᠥᠬᠡᠶ ᠨᠢᠭᠲᠠ ᠨᠡᠪᠲᠡᠷᠡᠯᠴᠡᠭᠰᠡᠨ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ