2024 ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 30 ᠬᠦᠴᠦᠷᠬᠡᠭ ᠤᠨ ᠨᠡᠷᠡᠰ ᠲᠤ ᠬᠥᠬᠡᠬᠤᠲᠠ ᠶᠢᠨ ᠠᠵᠤ ᠠᠬᠤᠶᠢᠯᠠᠯ ᠤᠨ ᠲᠤᠭ᠎ᠠ ᠪᠥᠬᠦ ᠣᠷᠣᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/6/27
      ︵ᠰᠤᠷᠪᠤᠯᠵᠢᠯᠠᠭᠴᠢ ᠯᠢᠦᠢ ᠬᠤᠶ ᠱᠧᠩ︶ ᠰᠤᠷᠪᠤᠯᠵᠢᠯᠠᠭᠴᠢ ᠣᠢᠷ᠎ᠠ ᠳᠤ 2024 ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠢ ᠨᠡᠢᠲᠡᠯᠡᠬᠦ ᠬᠤᠷᠠᠯ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠡᠷᠡᠭᠦᠯ ᠮᠡᠨᠳᠦ︾ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠠᠴᠠ ᠣᠢᠯᠠᠭᠠᠭᠰᠠᠨ ᠢᠶᠠᠷ᠂ 2024 ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠨᠡᠷᠡᠰ ᠳᠣᠲᠣᠷ᠎ᠠ᠂ ᠬᠥᠬᠡᠬᠤᠲᠠ ᠶᠢᠨ 13 ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ ᠣᠷᠣᠵᠤ᠂ ᠨᠢᠳᠤᠨᠤᠨ ᠤ ᠬᠢ ᠲᠠᠢ ᠬᠠᠷᠢᠴᠠᠭᠤᠯᠪᠠᠯ 3 ᠨᠡᠮᠡᠭᠳᠡᠵᠡᠢ᠃ ᠡᠭᠦᠨ ᠳᠤ᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠡᠵᠡᠩᠨᠡᠯᠲᠡ ᠶᠢᠨ ᠣᠷᠣᠯᠭ᠎ᠠ ᠶᠢᠨ ᠶᠡᠷᠦᠩᠬᠡᠶ ᠲᠤᠭ᠎ᠠ 1261.79 ᠳ᠋ᠦᠩᠰᠢᠭᠤᠷ ᠲᠥᠭᠦᠷᠢᠭ ᠢᠶᠠᠷ ᠲᠡᠷᠢᠭᠦᠨ ᠳᠤ ᠣᠷᠣᠪᠠ᠃      ᠲᠣᠰ ᠤᠳᠠᠭᠠᠨ ᠤ ᠬᠤᠷᠠᠯ ᠳᠡᠭᠡᠷ᠎ᠡ ᠪᠠᠰᠠ 2024 ᠥᠪᠥᠷ ᠮᠣᠩᠭᠤᠯ ᠤᠨ ᠦᠢᠯᠡᠳᠬᠡᠯ ᠤᠨ ᠦᠢᠯᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 50 ᠬᠦᠴᠦᠷᠬᠡᠭ ᠤᠨ ᠨᠡᠷᠡᠰ᠂ 2024 ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 30 ᠬᠦᠴᠦᠷᠬᠡᠭ ᠤᠨ ᠨᠡᠷᠡᠰ᠂ 2024 ᠥᠪᠥᠷ ᠮᠣᠩᠭᠤᠯ ᠤᠨ ᠦᠢᠯᠡᠴᠢᠯᠡᠭᠡᠨ ᠤ ᠦᠢᠯᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 20 ᠬᠦᠴᠦᠷᠬᠡᠭ ᠤᠨ ᠨᠡᠷᠡᠰ ᠢ ᠨᠡᠶᠢᠲᠡᠯᠡᠵᠦ᠂ ᠬᠥᠬᠡᠬᠤᠲᠠ ᠶᠢᠨ 6᠂ 9᠂ 7 ᠠᠵᠤ ᠠᠬᠤᠶᠢᠯᠠᠯ ᠲᠣᠰ ᠲᠣᠰ ᠵᠢᠭᠰᠠᠭᠠᠭᠳᠠᠪᠠ᠃ ᠡᠭᠦᠨ ᠳᠤ 2024 ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 30 ᠬᠦᠴᠦᠷᠬᠡᠭ ᠤᠨ ᠨᠡᠷᠡᠰ ᠲᠤ᠂ ᠬᠥᠬᠡᠬᠤᠲᠠ ᠶᠢᠨ ᠨᠡᠷᠡᠰ ᠲᠤ ᠤᠷᠤᠭᠰᠠᠨ ᠠᠵᠤ ᠠᠬᠤᠶᠢᠯᠠᠯ ᠤᠨ ᠲᠤᠭ᠎ᠠ ᠨᠢ ᠪᠥᠬᠦ ᠣᠷᠣᠨ ᠳᠤ ᠲᠡᠷᠢᠭᠦᠯᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ