ᠪᠣᠣ ᠭᠠᠩ ᠢᠦᠢ ᠴᠢᠤᠸᠠᠨ ᠲᠣᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/28
       ︵ᠰᠤᠷᠪᠤᠯᠵᠢᠯᠠᠭᠴᠢ ᠭᠧᠩ ᠰᠢᠨ︶ 6 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠢᠦᠢ ᠴᠢᠤᠸᠠᠨ ᠲᠣᠭᠤᠷᠢᠭ ᠤᠨ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠪᠣᠣ ᠭᠠᠩ ᠤᠷᠢᠳ ᠬᠤᠵᠢᠳ ᠢᠦᠢ ᠴᠢᠤᠸᠠᠨ ᠲᠣᠭᠤᠷᠢᠭ ᠤᠨ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠪᠣᠯᠣᠨ ᠤᠤ ᠫᠦ᠋ ᠰᠠᠢ ᠠᠮᠢᠲᠠᠨ ᠤ ᠴᠢᠰᠤᠨ ᠤ ᠴᠠᠶᠢᠪᠠᠩ᠂ ᠮᠢᠩ ᠫᠢᠨ ᠹᠦ᠋ ᠤᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠲᠦᠷᠦᠯ ᠵᠦᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠯᠠᠪᠯᠠᠨ ᠠᠰᠠᠭᠤᠬᠤ ᠶᠢᠨ ᠬᠠᠮᠲᠤ ᠬᠦᠷᠢᠶᠡᠯᠡᠩ ᠲᠣᠭᠤᠷᠢᠭ ᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠪᠦᠦ ᠭᠠᠩ ᠬᠡᠯᠡᠬᠦ ᠳᠡᠭᠡᠨ᠂ ᠬᠦᠷᠢᠶᠡᠯᠡᠩ ᠲᠣᠭᠤᠷᠢᠭ ᠪᠣᠯ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠤᠯ ᠲᠡᠶᠢᠨ ᠤ ᠲᠠᠯᠠᠪᠤᠷ ᠮᠥᠨ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠦᠷᠢᠶᠡᠯᠡᠩ ᠲᠣᠭᠤᠷᠢᠭ ᠤᠨ ᠣᠨᠴᠠᠯᠢᠭ ᠢ ᠳᠣᠪᠤᠶᠢᠯᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠬᠤ ᠬᠡᠷᠡᠭᠲᠡᠶ᠃ ᠪᠣᠬᠢᠷᠲᠤᠯ ᠥᠬᠡᠶ ᠢᠳᠡᠭᠡᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠢᠳᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠥᠪᠯᠡᠷᠡᠯ ᠤᠨ ᠦᠢᠯᠡᠳᠥᠯ ᠢ ᠪᠦᠷᠢᠯᠳᠦᠭᠦᠯᠬᠦ ᠬᠡᠷᠡᠭᠲᠡᠶ᠃ ᠨᠡᠶᠢᠯᠡᠮᠡᠯ ᠠᠮᠢᠳᠤ ᠪᠣᠳᠠᠰ ᠵᠡᠷᠭᠡ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭ ᠲᠠᠢ ᠪᠡᠯᠡᠨ ᠡᠮ᠂ ᠨᠠᠶᠢᠷᠠᠯᠭ᠎ᠠ᠂ ᠶᠡᠭᠡ ᠡᠷᠡᠭᠦᠯ ᠮᠡᠨᠳᠦ ᠲᠡᠶᠢᠰᠢ ᠥᠷᠭᠡᠳᠬᠦ ᠶᠢ ᠠᠬᠢᠭᠤᠯᠬᠤ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠪᠠ ᠠᠭᠠᠷ ᠤᠨ ᠭᠠᠷᠠᠮ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠮᠢᠩ ᠫᠢᠨ ᠹᠦ᠋ ᠣᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠨᠥᠯᠥᠭᠡᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠰᠤᠯᠠ ᠪᠠᠶᠢᠭ᠎ᠠ ᠭᠠᠵᠠᠷ ᠰᠢᠷᠣᠶ ᠶᠢ ᠠᠮᠢᠳᠤᠯᠢᠭᠵᠢᠭᠤᠯᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠰᠣᠯᠢᠬᠤ︾ ᠶᠢ ᠠᠬᠢᠭᠤᠯᠵᠤ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃      ᠪᠣᠣ ᠭᠠᠩ ᠪᠠᠰᠠ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠡᠷᠡ ᠬᠡᠯᠡᠬᠦ ᠳᠡᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠡᠷᠭᠢ ᠳᠠᠭᠠᠤ ᠶᠢᠨ ᠠᠶᠢᠯ ᠲᠣᠰᠬᠤᠨ ᠤ ᠬᠥᠳᠡᠭᠡ ᠲᠣᠰᠬᠤᠨ ᠤ ᠵᠢᠭᠤᠯᠴᠢᠯᠠᠯ᠂ ᠠᠶᠢᠯ ᠪᠠᠭᠤᠴᠠ  ᠶᠢᠨ ᠠᠵᠤ ᠠᠬᠤᠶ ᠶᠢ ᠬᠥᠭᠵᠢᠭᠦᠯᠬᠦ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ