ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
ᠼᠦᠢ ᠵᠧᠨ ᠦ᠋ ᠬᠤᠷᠠᠯ ᠢ ᠡᠷᠬᠢᠯᠡᠪᠡ      ︵ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ︶ 6 ᠳ᠋ᠤᠭᠠᠷ ᠰᠠᠷ᠎ᠠ ᠶᠢᠨ 27 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠢ ᠡᠷᠭᠢᠯᠡᠪᠡ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠭᠧ ᡁᠢ ᠮᠢᠨ ᠤᠷᠢᠯᠭ᠎ᠠ ᠪᠠᠷ ᠬᠤᠷᠠᠯ ᠳᠤ ᠣᠷᠣᠯᠴᠠᠪᠠ᠃ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠳᠠ ᠶᠢᠨ ᠳᠡᠳ᠋ ᠳᠠᠷᠤᠭ᠎ᠠ ᠵᠢᠶᠤᠤ ᠬᠤᠩ ᠬᠤᠳᠠ ᠶᠢᠨ ᠵᠠᠰᠠᠭ ᠤᠨ ᠣᠷᠳᠣᠨ ᠤ 2024 ᠣᠨ ᠤ ᠳᠡᠭᠡᠷ᠎ᠡ ᠬᠠᠭᠠᠰ ᠵᠢᠯ ᠤᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃      ᠬᠤᠷᠠᠯ ᠠᠴᠠ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠥᠬᠡᠬᠤᠲᠠ ᠶᠢᠨ ᠬᠤᠷᠢᠶᠠᠨ ᠤ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠲᠦᠷᠢᠮ︾ ᠪᠣᠯᠤᠨ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ︽ᠣᠷᠣᠨ ᠤ ᠲᠥᠪ ᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠶᠢᠨ ᠲᠣᠭᠤᠷᠢᠨ ᠳᠤ ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ ᠤᠨ ᠵᠥᠪᠯᠡᠯᠭᠡ ᠬᠢᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠨ᠂ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠡᠷᠳᠡᠮᠲᠡᠨ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠡᠰᠡᠭ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ