ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠡᠷᠭᠢᠯᠡᠨ ᠬᠤᠷᠠᠯᠳᠤᠭᠤᠯᠤᠭᠰᠠᠨ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠭᠦᠭᠡᠬᠤᠲᠠ ︽ᠨᠥᠭᠡᠴᠡᠯᠡᠬᠦ᠂ ᠦᠢᠯᠡᠳᠬᠦ᠂ ᠪᠤᠳᠤᠬᠤ᠂ ᠳᠠᠮᠵᠢᠭᠤᠯᠬᠤ᠂ ᠰᠤᠳᠤᠯᠬᠤ᠂ ᠬᠡᠷᠡᠭᠯᠡᠬᠦ︾ | 6 ᠲᠠᠯ᠎ᠠ ᠪᠠᠷ ᠬᠦᠴᠦᠯᠡᠨ ︽ᠬᠠᠮᠤᠭ ᠤᠨ ᠬᠦᠴᠦᠷᠬᠡᠭ ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ᠶᠢᠨ ᠬᠠᠩᠭᠠᠭᠴᠢ︾ ᠶᠢ ᠴᠣᠭᠴᠠᠯᠠᠵᠤ ᠪᠤᠢ᠃ | ᠭᠦᠭᠡᠬᠤᠳᠠ ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ᠵᠢᠴᠢ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠢ ᠠᠬᠢᠭᠤᠯᠬᠤ ᠳᠠᠭᠠᠨ | ︽ᠨᠥᠭᠡᠴᠡᠯᠡᠬᠦ︾ ᠲᠠᠯ᠎ᠠ ᠪᠠᠷ ᠬᠦᠴᠦᠯᠡᠵᠦ᠂ ᠣᠲᠣ ᠶᠢᠨ ᠪᠠᠶᠢᠭ᠎ᠠ ᠲᠤᠭ᠎ᠠ ᠪᠠᠷᠢᠮᠲᠠ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢᠨ ᠰᠠᠭᠤᠷᠢᠨ ᠳᠡᠭᠡᠷ᠎ᠡ ᠨᠢᠭᠡ | ᠪᠦᠯᠦᠭ ᠤᠯᠤᠰ ᠤᠨ ᠶᠠᠮᠤᠨ ᠵᠥᠪᠯᠡᠯ᠂ ᠲᠣᠮᠣ ᠭᠡᠯᠪᠡᠷᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠳᠠᠭᠠᠭᠤᠯᠤᠭᠴᠢ ᠠᠵᠤ ᠠᠬᠤᠶᠢᠯᠠᠯ ᠤᠨ ᠲᠤᠭ᠎ᠠ | ᠪᠠᠷᠢᠮᠲᠠ ᠶᠢᠨ ᠲᠥᠪ ᠤᠨ ᠲᠥᠷᠥᠯ ᠵᠦᠢᠯ ᠢ ᠦᠷᠭᠦᠯᠵᠢᠯᠡᠨ ᠣᠷᠣᠭᠤᠯᠵᠤ ᠠᠪᠴᠢᠷᠠᠨ ᠪᠦᠲᠦᠭᠡᠨ ᠪᠠᠶᠢᠭᠤᠯᠵᠤ᠂ ᠲᠣᠮᠣ ᠳ᠋ᠠᠶᠢᠲ᠋ᠠ ᠶᠢᠨ ᠬᠠᠳᠠᠭᠠᠯᠠᠯᠲᠠ ᠪᠣᠯᠣᠨ | ᠪᠣᠳᠣᠯᠭ᠎ᠠ ᠶᠢᠨ ᠴᠢᠳᠠᠪᠤᠷᠢ ᠶᠢᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠤᠯᠬᠤ ᠳᠤ ᠪᠦᠭᠦ | ᠮᠠᠰᠢᠨ ᠴᠣᠭᠴᠠᠯᠠᠪᠤᠷᠢ ᠶᠢ 350 ᠲᠦᠮᠡᠨ ᠰᠠᠭᠤᠷᠢ ᠳᠤ ᠬᠦᠷᠭᠡᠨ᠎ᠡ᠃ ︽ᠦᠢᠯᠡᠳᠬᠦ︾ᠲᠠᠯ᠎ᠠ ᠪᠠᠷ ᠬᠦᠴᠦᠯᠡᠵᠦ᠂ ᠭᠦᠭᠡᠬᠤᠲᠠ ᠶᠢᠨ ᠬᠠᠭᠠᠰ ᠳᠠᠮᠵᠢᠭᠤᠯᠤᠭᠴᠢ | ᠴᠠᠬᠢᠭᠤᠷ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠲᠤ ᠲᠦᠰᠢᠭᠯᠡᠨ ᠭᠡᠷᠡᠯᠴᠢ ᠴᠡᠨᠡᠭ ᠴᠠᠭᠢᠯᠭᠠᠨ ᠬᠡᠷᠡᠭᠰᠡᠯ ᠤᠨ ᠲᠣᠨᠤᠭ᠂ ᠰᠡᠷᠡᠯ ᠳᠠᠮᠵᠢᠭᠤᠯᠤᠭᠴᠢ᠂ | ᠬᠠᠳᠠᠭᠠᠯᠠᠭᠤᠷ᠂ ᠦᠢᠯᠡᠴᠢᠯᠡᠭᠦᠷ ᠵᠡᠷᠭᠡ ᠪᠣᠳᠣᠯᠭ᠎ᠠ ᠶᠢᠨ ᠴᠢᠳᠠᠪᠤᠷᠢ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠤᠷᠲᠤᠳᠬᠠᠨ ᠬᠥᠭᠵᠢᠭᠦᠯᠵᠦ᠂ ᠵᠦᠢ | ᠵᠣᠬᠢᠰᠲᠠᠢ ᠢᠵᠢ ᠪᠦᠷᠢᠳᠦᠭᠰᠡᠨ᠂ ᠵᠥᠭᠡᠯᠡᠨ ᠬᠠᠲᠠᠭᠤ ᠲᠤᠨᠤᠭ ᠬᠠᠮᠵᠢᠯᠴᠠᠭᠰᠠᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠳᠣᠯᠭ᠎ᠠ ᠶᠢᠨ ᠴᠢᠳᠠᠪᠤᠷᠢ | ᠶᠢᠨ ᠲᠥᠬᠦᠭᠡᠷᠦᠮᠵᠢ ᠦᠢᠯᠡᠳᠬᠦ ᠠᠮᠢ ᠠᠬᠤᠢ ᠶᠢ ᠲᠦᠷᠭᠡᠳᠬᠡᠨ ᠪᠤᠶ ᠪᠣᠯᠭᠠᠨ᠎ᠠ᠃︽ᠪᠤᠳᠤᠬᠤ︾ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠢᠱᠢᠯᠲᠡ ᠪᠠᠷ ᠡᠨᠡ | ᠵᠢᠯ ᠤᠨ ᠰᠡᠭᠦᠯᠴᠢ ᠪᠤᠯᠬᠤ ᠳᠤ ᠪᠦᠭᠦ ᠬᠤᠲᠠ ᠶᠢᠨ ᠶᠡᠷᠦᠩᠬᠡᠢ ᠪᠣᠳᠣᠯᠭ᠎ᠠ ᠶᠢᠨ ᠴᠢᠳᠠᠪᠤᠷᠢ ᠶᠢ 4.1 ᠲᠦᠮᠡᠨ P ᠳᠤ ᠬᠦᠷᠭᠡᠵᠦ᠂ ᠪᠣᠳᠣᠯᠭ᠎ᠠ ᠶᠢᠨ ᠴᠢᠳᠠᠪᠤᠷᠢ | ᠶᠢᠨ ᠬᠥᠭᠵᠢᠯᠲᠡ ᠶᠢᠨ ᠵᠢᠭᠠᠯᠲᠠ ᠲᠤᠭ᠎ᠠ ᠶᠢ ᠪᠦᠭᠦ ᠤᠯᠤᠰ ᠤᠨ ᠨᠡᠷᠡᠰ ᠤᠨ ᠵᠢᠭᠰᠠᠭᠠᠯᠲᠠ ᠳᠤ ᠦᠷᠭᠦᠯᠵᠢᠯᠡᠨ ᠡᠮᠤᠨᠡᠰᠢᠯᠡᠭᠦᠯᠦᠨᠠ᠃ 2025 ᠣᠨ ᠤ | ᠰᠡᠭᠦᠯᠴᠢ ᠪᠤᠯᠬᠤ ᠳᠤ ᠶᠡᠷᠦᠩᠬᠡᠢ ᠪᠣᠳᠣᠯᠭ᠎ᠠ ᠶᠢᠨ ᠴᠢᠳᠠᠪᠤᠷᠢ ᠶᠢ 5.7 ᠲᠦᠮᠡᠨ P ᠳᠤ ᠬᠦᠷᠭᠡᠵᠦ᠂ ᠡᠭᠦᠨ ᠳᠤ ᠣᠶᠤᠨᠴᠢ ᠪᠣᠳᠣᠯᠭ᠎ᠠ ᠶᠢᠨ ᠴᠢᠳᠠᠪᠤᠷᠢ ᠶᠢ | 5.2 ᠲᠦᠮᠡᠨ P ᠳᠤ ᠬᠦᠷᠭᠡᠨ᠂ ᠪᠣᠳᠣᠯᠭ᠎ᠠ ᠶᠢᠨ ᠴᠢᠳᠠᠪᠤᠷᠢ ᠶᠢᠨ ᠬᠡᠪᠴᠢᠶ᠎ᠡ ᠶᠢ ᠵᠢᠭᠠᠯᠲᠠ ᠲᠤᠭ᠎ᠠ ᠶᠢᠨ ᠲᠠᠰ ᠤᠨ ᠨᠡᠮᠡᠭᠳᠡᠯ ᠲᠠᠢ ᠪᠣᠯᠭᠠᠨ᠎ᠠ᠃ ᠡᠭᠦᠨ ᠤ | ᠬᠠᠮᠲᠤ ᠪᠣᠳᠣᠯᠭ᠎ᠠ ᠶᠢᠨ ᠴᠢᠳᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢᠨ ᠲᠣᠭᠤᠷᠢᠨ ᠳᠤ ᠪᠣᠳᠣᠯᠭ᠎ᠠ ᠶᠢᠨ ᠴᠢᠳᠠᠪᠤᠷᠢ ᠶᠢᠨ ᠡᠬᠢ ᠪᠠᠶᠠᠯᠢᠭ ᠢ ᠬᠢᠨᠠᠨ | ᠬᠡᠮᠵᠢᠬᠦ ᠬᠢᠭᠡᠳ ᠲᠣᠬᠢᠷᠠᠭᠤᠯᠬᠤ ᠲᠠᠪᠴᠠᠩ ᠢ ᠲᠦᠷᠭᠡᠳᠬᠡᠨ ᠪᠠᠶᠢᠭᠤᠯᠵᠤ᠂ ᠪᠣᠳᠣᠯᠭ᠎ᠠ ᠶᠢᠨ ᠴᠢᠳᠠᠪᠤᠷᠢ ᠶᠢᠨ ᠠᠷᠠᠯᠵᠢᠶ᠎ᠠ ᠶᠢ ᠲᠤᠬᠠᠢ ᠶᠢᠨ ᠭᠠᠵᠠᠷ ᠲᠤᠨᠢ | ᠳ᠋ᠦᠩᠨᠡᠨ ᠪᠤᠳᠤᠬᠤ ᠶᠢ ᠪᠡᠶᠡᠯᠡᠭᠦᠯᠬᠦ ᠪᠠᠷ ᠪᠤᠢ᠃ | ᠭᠦᠭᠡᠬᠤᠳᠠ ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ᠵᠢᠴᠢ ᠵᠣᠬᠢᠶᠠᠮᠠᠯ ᠤᠶᠤᠨ ᠴᠢᠳᠠᠪᠤᠷᠢ ᠶᠢᠨ ᠠᠵᠤ ᠦᠢᠯᠡᠰ ᠢ ᠠᠬᠢᠭᠤᠯᠬᠤ ᠳᠠᠭᠠᠨ | ︽ᠳᠠᠮᠵᠢᠭᠤᠯᠬᠤ︾ ᠲᠠᠯ᠎ᠠ ᠪᠠᠷ ᠬᠦᠴᠦᠯᠡᠵᠦ᠂ ᠤᠳᠤ ᠶᠠᠭ ᠬᠤᠲᠠ ᠶᠢᠨ ᠳᠣᠲᠣᠷᠠᠬᠢ 1ms᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠤᠨ 2ms᠂ | ᠪᠡᠭᠡᠵᠢᠩ ᠲᠢᠶᠠᠨᠵᠢᠨ ᠾᠧᠪᠧᠢ ᠶᠢᠨ 5ms᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ 20ms ᠶᠢᠨ ︽1.2.5.20︾ ᠶᠢᠨ ᠴᠠᠭ ᠤᠨ ᠤᠷᠲᠤᠳᠬᠠᠯ | ᠤᠨ ᠲᠣᠭᠤᠷᠢᠭ ᠢ ᠪᠠᠶᠢᠭᠤᠯᠵᠤ᠂ ᠭᠦᠭᠡᠬᠤᠲᠠ ᠾᠧᠹᠧᠢ᠂ ᠭᠦᠭᠡᠬᠤᠲᠠ ᠪᠡᠭᠡᠵᠢᠩ ᠤᠨ ᠴᠡᠭ ᠠᠴᠠ ᠴᠡᠭ ᠬᠦᠷᠬᠦ 400G ᠶᠢᠨ ᠪᠦᠷᠢᠨ ᠭᠡᠷᠡᠯᠯᠢᠭ ᠰᠦᠯᠵᠢᠶ᠎ᠡ | ᠶᠢ ᠨᠢᠭᠡᠨᠲᠡ ᠨᠡᠪᠲᠡᠷᠡᠭᠦᠯᠪᠡ᠃ ᠣᠶᠢᠯᠠᠭᠠᠭᠰᠠᠨ ᠢᠶᠠᠷ᠂ ᠣᠳᠣᠬᠠᠨ ᠳᠤ ᠭᠦᠭᠡᠬᠤᠲᠠ ᠶᠢᠨ ᠶᠡᠷᠦᠩᠬᠡᠢ ᠳᠠᠮᠵᠢᠭᠤᠯᠭ᠎ᠠ ᠶᠢᠨ ᠠᠮᠠᠨ ᠤ ᠪᠦᠰᠡ ᠶᠢᠨ ᠥᠷᠭᠡᠨ ᠨᠢ | 58.5T ᠳᠤ ᠬᠦᠷᠴᠦ᠂ ᠪᠦᠭᠦ ᠤᠯᠤᠰ ᠤᠨ 25 ᠰᠢᠭᠤᠳ ᠬᠠᠷᠢᠶ᠎ᠠ ᠬᠤᠲᠠ ᠪᠣᠯᠣᠨ ᠮᠤᠵᠢ ᠶᠢᠨ ᠲᠥᠪ ᠬᠤᠲᠠ ᠲᠠᠢ ᠰᠢᠭᠤᠳ ᠬᠦᠷᠬᠦ ᠴᠥᠷᠬᠡᠯᠡᠭᠡ ᠵᠠᠮ ᠢ | ᠪᠠᠶᠢᠭᠤᠯᠪᠠ᠃ ︽ᠰᠤᠳᠤᠯᠬᠤ︾ ᠲᠠᠯ᠎ᠠ ᠪᠠᠷ ᠬᠦᠴᠦᠯᠡᠨ ᠴᠠᠭᠠᠨ ᠢᠳᠡᠭᠡᠨ ᠤ ᠦᠢᠯᠡᠰ᠂ ᠡᠪᠡᠰᠦᠨ ᠤ ᠦᠢᠯᠡᠰ᠂ ᠠᠮᠢᠲᠠᠨ ᠤ ᠸᠠᠺᠼᠢᠨ᠂ ᠬᠠᠭᠠᠰ ᠳᠠᠮᠵᠢᠭᠤᠯᠤᠭᠴᠢ | ᠮᠠᠲ᠋ᠧᠷᠢᠶᠠᠯ᠂ ᠠᠰᠢᠭᠲᠤ ᠪᠠᠺᠲ᠋ᠧᠷᠢ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ︽5 ᠶᠡᠭᠡ ᠰᠢᠨ᠎ᠡ ᠶᠢ ᠡᠭᠦᠳᠬᠦ ᠲᠥᠪ︾ ᠢ ᠭᠤᠣᠯᠳᠠᠯᠭ᠎ᠠ ᠲᠠᠢ ᠪᠦᠲᠦᠭᠡᠨ | ᠪᠠᠶᠢᠭᠤᠯᠵᠤ᠂ ︽ᠪᠦᠭᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ︾ ᠢ ᠴᠣᠭᠴᠠᠯᠠᠨ᠎ᠠ᠃ ︽ᠬᠡᠷᠡᠭᠯᠡᠬᠦ︾ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠪᠣᠬᠢᠷᠳᠤᠯ ᠦᠭᠡᠢ ᠪᠣᠳᠣᠯᠭ᠎ᠠ ᠶᠢᠨ ᠴᠢᠳᠠᠪᠤᠷᠢ ᠪᠣᠯᠣᠨ ᠵᠣᠬᠢᠶᠠᠮᠠᠯ ᠣᠶᠤᠨ ᠴᠢᠳᠠᠪᠤᠷᠢ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠦᠭᠦ ᠬᠦᠷᠢᠶ᠎ᠡ ᠴᠠᠷᠠᠭ᠎ᠠ ᠳᠤ ᠬᠡᠷᠡᠭᠯᠡᠬᠦ ᠶᠢ ᠠᠬᠢᠭᠤᠯᠬᠤ ᠶᠢᠨ ᠬᠠᠮᠲᠤ᠂ ︽ᠬᠤᠲᠠ ᠶᠢᠨ ᠶᠡᠭᠡ ᠲᠠᠷᠢᠬᠢ︾ ᠶᠢ ᠪᠠᠶᠢᠭᠤᠯᠬᠤ ᠪᠠᠷ ᠳᠠᠮᠵᠢᠨ | ᠵᠣᠬᠢᠶᠠᠮᠠᠯ ᠣᠶᠤᠨ ᠴᠢᠳᠠᠪᠤᠷᠢ ᠶᠢ ᠵᠠᠮ ᠬᠠᠷᠢᠯᠴᠠᠭ᠎ᠠ᠂ ᠡᠮ ᠡᠮᠨᠡᠯᠭᠡ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠨᠠᠰᠤᠵᠢᠯ ᠤᠨ ᠠᠰᠠᠷᠠᠮᠵᠢ᠂ ᠮᠥᠩᠭᠦᠨ | ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠬᠡᠷᠡᠭᠯᠡᠬᠦ ᠶᠢ ᠠᠬᠢᠭᠤᠯᠬᠤ ᠪᠣᠯᠣᠨ᠎ᠠ᠃ |