ᠬᠥᠬᠡᠬᠤᠲᠠ ᠶᠢᠨ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠤᠨ ᠡᠵᠡᠨ ᠲᠠᠯᠠᠪᠠᠢ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/6/3
       ︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠵᠠᠨ ᠢᠦᠢ  ᠭᠦᠩ ᠢᠦᠢ ᠹᠧᠢ︶ ᠣᠶᠢᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠢᠭᠡᠮᠯᠢᠭ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠬᠤ ᠬᠦᠷᠢᠶᠡᠯᠡᠩ ᠬᠠᠮᠲᠤᠷᠠᠨ ᠡᠷᠬᠢᠯᠡᠭᠰᠡᠨ ︽ᠰᠢᠨ᠎ᠡ︾ ᠵᠦᠭ ︽ᠴᠢᠨᠠᠷ ᠰᠠᠶᠢᠲᠠᠢ︾ ᠤᠷᠤᠭᠰᠢᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠯᠴᠢ ᠳᠤᠮᠳᠠᠳᠤ ᠤᠯᠤᠰ︾ ᠢᠶᠠᠷ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ — ᠬᠥᠬᠡᠬᠤᠲᠠ ᠶᠢᠨ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠡᠳᠦᠷ︾ ᠤᠨ ᠡᠵᠡᠨ ᠲᠠᠯᠠᠪᠠᠢ ᠶᠢᠨ ᠠᠵᠢᠯᠯᠠᠭ᠎ᠠ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠶᠠᠪᠤᠭᠳᠠᠪᠠ᠃      ᠲᠤᠰ ᠠᠵᠢᠯᠯᠠᠭ᠎ᠠ ᠳᠤ ︽ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠳᠤ ᠥᠭᠭᠦᠭᠰᠡᠨ ᠲᠣᠬᠤᠨᠢᠭᠤᠯᠭ᠎ᠠ ᠶᠢᠨ ᠵᠠᠬᠢᠳᠠᠯ︾       ︽ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠳᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ︔ ᠬᠤᠷᠠᠯ ᠳᠤ ᠣᠷᠣᠯᠴᠠᠭᠰᠠᠳ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠦᠷ᠎ᠡ ᠪᠦᠲᠦᠭᠡᠯ ᠤᠨ ᠦᠵᠡᠭᠦᠯᠦᠯᠭᠡ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠦᠯᠭᠡ ᠶᠢ ᠲᠣᠭᠤᠷᠢᠨ  ᠦᠵᠡᠵᠦ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠭᠤᠷᠪᠠᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠴᠤᠭ ᠵᠢᠪᠬᠤᠭ᠎ᠠ ᠶᠢ ᠬᠠᠷᠠᠭᠤᠯᠤᠭᠰᠠᠨ ᠤᠬᠠᠭᠤᠯᠬᠤ ᠹᠢᠯᠢᠮ ᠢ ᠬᠠᠮᠲᠤᠪᠠᠷ ᠦᠵᠡᠪᠡ︔ ᠲᠤᠬᠠᠶ ᠶᠢᠨ ᠲᠠᠯᠠᠪᠠᠶ ᠳᠤ ᠪᠠᠰᠠ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠯᠴᠢ ᠳᠤᠮᠳᠠᠳᠤ ᠤᠯᠤᠰ︾ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ · ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠨᠡᠶᠢᠭᠡᠮᠯᠢᠭ ᠤᠨ ᠬᠠᠮᠵᠢᠯᠴᠠᠬᠤ ᠲᠥᠷᠥᠯ ︵2024 - 2025︶ ᠤᠨ ᠫᠠᠶᠢᠰᠠ ᠰᠡᠬᠦᠬᠦ ᠶᠣᠰᠣᠯᠠᠯ ᠪᠠ ︽ᠰᠢᠨᠵᠢᠯᠡᠬᠦ ᠤᠬᠠᠭᠠᠨ ᠮᠡᠷᠭᠡᠵᠢᠯ ᠤᠨ  ᠪᠦᠲᠦᠭᠡᠯᠴᠢ ᠳᠤᠮᠳᠠᠳᠤ ᠤᠯᠤᠰ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠲᠤᠭ ᠣᠯᠭᠤᠬᠤ ᠶᠣᠰᠣᠯᠠᠯ ᠶᠠᠪᠤᠭᠤᠯᠵᠤ᠂ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ︾ ᠰᠡᠳᠦᠪ ᠢᠶᠠᠷ ᠭᠤᠤᠯ ᠰᠡᠳᠦᠪᠲᠦ ᠲᠠᠶᠢᠯᠤᠮᠵᠢ ᠬᠢᠵᠦ᠂ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ ᠫᠷᠤᠹᠧᠰᠰᠤᠷ ︽ᠲᠣᠮᠣ ᠤᠯᠤᠰ ᠤᠨ ᠴᠢᠬᠤᠯᠠ ᠵᠦᠢᠯ ᠤᠨ ᠬᠦᠴᠦᠨ—ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠢᠷᠡᠭᠡᠳᠦᠶ ᠶᠢᠨ ᠬᠥᠭᠵᠢᠯᠲᠡ︾ ᠭᠡᠬᠦ ᠰᠡᠳᠦᠪ ᠢᠶᠠᠷ ᠮᠠᠨ ᠤ ᠤᠯᠤᠰ ᠤᠨ ᠬᠦᠮᠦᠨ ᠠᠴᠢᠶᠠᠯᠠᠭᠰᠠᠨ ᠰᠠᠨᠰᠠᠷ ᠤᠨ ᠠᠶᠠᠯᠠᠯ᠂ ᠰᠠᠨᠰᠠᠷ ᠤᠨ ᠦᠷᠲᠡᠭᠡ ᠶᠢᠨ ᠪᠠᠶᠢᠭᠤᠯᠤᠯᠲᠠ᠂  ᠰᠠᠷᠠᠨ ᠳᠠᠭᠢᠨᠢ ᠰᠢᠷᠢᠰ ᠰᠠᠨᠰᠠᠷ ᠤᠨ ᠤᠩᠭᠤᠴᠠ ᠵᠡᠷᠬᠡ ᠬᠦᠷᠢᠶᠠᠨ ᠳᠤ ᠣᠯᠣᠭᠰᠠᠨ ᠠᠮᠵᠢᠯᠲᠠ ᠪᠦᠲᠦᠮᠵᠢ ᠶᠢ ᠠᠮᠢᠳᠤᠯᠢᠭ ᠢᠶᠠᠷ ᠬᠠᠷᠠᠭᠤᠯᠵᠤ᠂ ᠡᠬᠡ ᠤᠯᠤᠰ ᠢᠶᠠᠨ ᠬᠠᠶᠢᠷᠠᠯᠠᠬᠤ᠂ ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠬᠤ᠂ ᠬᠤᠪᠢ ᠨᠡᠮᠡᠷᠢ ᠦᠵᠡᠭᠦᠯᠬᠦ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠴᠢᠩᠭ᠎ᠠ ᠲᠤᠰᠬᠠᠯ ᠭᠠᠷᠭᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ