ᠮᠠᠨ ᠤ ᠬᠤᠲᠠ ᠬᠤᠲᠠ ᠶᠢᠨ ᠱᠠᠲᠤᠨ ᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ 5 ᠰᠢᠨ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/6/4
      ︵ᠰᠤᠷᠪᠤᠯᠵᠢᠯᠠᠭᠴᠢ ᠡᠦ ᠽᠢ ᠰᠢᠤᠸᠠᠨ ᠴᠢᠮᠡᠭᠡᠯᠡᠭᠴᠢ ᠰᠦᠨ ᠴᠢ  ᠪᠦᠦ ᠸᠧᠨ ᠵᠢᠶᠧ︶ ᠣᠶᠢᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2023 ᠣᠨ ᠤ ᠬᠤᠲᠠ ᠶᠢᠨ ᠲᠠᠰ ᠤᠨ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠩᠰᠠᠯᠠᠭᠤᠯᠬᠤ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠸᠧᠨ ᠲᠧᠩ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠧ ᠵᠥᠩ ᠮᠡᠳᠡᠭᠡ ᠵᠠᠩᠭᠢ ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᡁᠢ ᠵᠧᠩ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠧ ᠢ ᠮᠡᠳᠡᠭᠡ ᠵᠠᠩᠭᠢ ᠶᠢᠨ ᠯᠠᠪᠯᠠᠯᠭ᠎ᠠ ᠶᠢᠨ ᠬᠢᠵᠠᠭᠠᠷᠲᠤ ᠺᠣᠮᠫᠠᠨᠢ ᠵᠡᠷᠭᠡ 5 ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠨᠡᠷᠡᠰ ᠤᠨ ᠵᠢᠭᠰᠠᠭᠠᠯᠲᠠ ᠳᠤ ᠣᠷᠣᠪᠠ᠃ ᠣᠳᠣᠬᠠᠨ ᠪᠣᠯᠲᠠᠯ᠎ᠠ᠂ ᠮᠠᠨ ᠤ ᠬᠤᠲᠠ ᠶᠢᠨ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠢ ᠲᠤᠭ᠎ᠠ 27 ᠪᠣᠯᠪᠠ᠃      ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠪᠣᠯ ᠮᠡᠷᠭᠡᠵᠢᠯ ᠢ ᠰᠢᠯᠵᠢᠭᠦᠯᠬᠦ ᠶᠢ ᠲᠦᠷᠭᠡᠳᠬᠡᠬᠦ ᠡᠯ᠎ᠡ ᠲᠥᠷᠥᠯ ᠤᠨ ᠦᠢᠯᠡᠴᠢᠯᠡᠭᠡᠨ ᠤ ᠲᠤᠰᠬᠠᠶ ᠪᠠᠶᠢᠭᠤᠯᠤᠮᠵᠢ ︵ᠮᠡᠷᠭᠡᠵᠢᠯ ᠤᠨ ᠠᠷᠠᠯᠵᠢᠶᠠᠨ ᠤ ᠵᠠᠬ᠎ᠠ ᠳᠡᠯᠭᠡᠭᠦᠷ᠂ ᠮᠡᠷᠭᠡᠵᠢᠯ ᠢ ᠰᠢᠯᠵᠢᠭᠦᠯᠬᠦ ᠰᠦᠯᠵᠢᠶᠡᠨ ᠤ ᠲᠠᠪᠴᠠᠩ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠬᠤᠷᠠᠮᠳᠤᠯ ᠪᠠ ᠡᠵᠡᠩᠨᠡᠯᠲᠡ᠂ ᠮᠡᠷᠭᠡᠵᠢᠯ ᠤᠨ ᠪᠡᠯᠡ ᠣᠷᠣᠭᠤᠯᠤᠯᠲᠠ ᠶᠢ ᠲᠦᠷᠭᠡᠳᠬᠡᠬᠦ ᠵᠡᠷᠭᠡ ᠮᠡᠷᠭᠡᠵᠢᠯ ᠤᠨ ᠰᠢᠯᠵᠢᠯᠲᠡ ᠶᠢ ᠪᠡᠶᠡᠯᠡᠭᠦᠯᠬᠦ ᠳᠤ ᠡᠯ᠎ᠡ ᠲᠥᠷᠥᠯ ᠤᠨ ᠦᠢᠯᠡᠴᠢᠯᠡᠭᠡ ᠬᠠᠩᠭᠠᠬᠤ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠮᠡᠷᠭᠡᠵᠢᠯ ᠤᠨ ᠰᠢᠯᠵᠢᠯᠲᠡ ᠶᠢ ᠲᠦᠷᠭᠡᠳᠬᠡᠬᠦ ᠳᠤ ᠡᠯ᠎ᠡ ᠲᠥᠷᠥᠯ ᠤᠨ ᠦᠢᠯᠡᠴᠢᠯᠡᠭᠡ ᠬᠠᠩᠭᠠᠬᠤ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ᠎ᠠ︶᠂ ᠮᠡᠷᠭᠡᠵᠢᠯ ᠢ ᠰᠢᠯᠵᠢᠭᠦᠯᠬᠦ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ᠂ ᠲᠤᠰᠬᠠᠶ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ᠂ ᠮᠡᠷᠭᠡᠵᠢᠯ ᠬᠠᠩᠭᠠᠬᠤ ᠲᠠᠯ᠎ᠠ ᠠᠴᠠ ᠮᠡᠷᠭᠡᠵᠢᠯ ᠤᠨ ᠬᠡᠷᠡᠭᠴᠡᠭᠡ ᠪᠦᠬᠦᠢ ᠲᠠᠯ᠎ᠠ ᠲᠡᠰᠢ ᠪᠦᠲᠦᠮᠵᠢᠲᠡᠶ ᠪᠠᠷ ᠰᠢᠯᠵᠢᠭᠦᠯᠬᠦ ᠶᠢ ᠬᠠᠪᠰᠤᠷᠤᠨ ᠪᠡᠶᠡᠯᠡᠭᠦᠯᠵᠦ᠂ ᠡᠭᠦᠨ ᠤ ᠤᠯᠠᠮ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠭᠡᠨ᠎ᠡ᠃      ᠣᠶᠢᠷ᠎ᠠ ᠶᠢᠨ ᠵᠢᠯ ᠳᠤ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ ︽ᠥᠪᠥᠷ ᠮᠣᠩᠭᠤᠯ ᠰᠢᠨᠵᠢᠯᠡᠬᠦ ᠤᠬᠠᠭᠠᠨ ᠤ ᠴᠤᠭᠯᠠᠷᠠᠯ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠶᠡᠷᠦᠩᠬᠡᠶ ᠴᠤᠩᠬᠤᠪᠴᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ ᠪᠤᠶᠢᠵᠢᠭᠤᠯᠤᠨ᠂ ᠮᠡᠷᠭᠡᠵᠢᠯ ᠤᠨ ᠵᠠᠭᠤᠴᠢᠯᠠᠭᠴᠢ ᠶᠢᠨ ᠡᠩᠨᠡᠭᠡ ᠶᠢ ᠪᠤᠵᠠᠭᠠᠶᠢᠷᠠᠭᠤᠯᠵᠤ᠂ ᠪᠥᠬᠦ ᠬᠤᠲᠠ ᠶᠢᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠬᠦ ᠶᠢ ᠠᠬᠢᠭᠤᠯᠪᠠ᠃ 5 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠂ ᠬᠥᠬᠡᠬᠤᠲᠠ ᠶᠢᠨ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ 178 ᠵᠦᠢᠯ ᠪᠠᠢᠵᠤ᠂ ᠠᠳᠠᠯᠢ ᠬᠤᠭᠤᠴᠠᠭᠠᠨ ᠤ ᠬᠢ ᠠᠴᠠ 2.89% ᠪᠠᠷ ᠨᠡᠮᠡᠭᠳᠡᠪᠡ︔ ᠭᠡᠷ᠎ᠡ ᠶᠢᠨ ᠠᠷᠠᠯᠵᠢᠶᠠᠯᠠᠭᠰᠠᠨ ᠲᠤᠭ᠎ᠠ ᠨᠢ 52955.45 ᠲᠦᠮᠡᠨ ᠲᠥᠭᠦᠷᠢᠭ ᠪᠠᠢᠵᠤ᠂ ᠠᠳᠠᠯᠢ ᠬᠤᠭᠤᠴᠠᠭᠠᠨ ᠤ ᠬᠢ ᠠᠴᠠ 125.95% ᠪᠠᠷ ᠨᠡᠮᠡᠭᠳᠡᠪᠡ︔ ᠪᠦᠬᠦ ᠬᠤᠲᠠ ᠳᠤ ᠨᠢᠭᠡᠨᠲᠡ ᠮᠡᠷᠭᠡᠵᠢᠯ ᠤᠨ ᠵᠠᠭᠤᠴᠢᠯᠠᠭᠴᠢ 1273 ᠨᠡᠷᠡᠰ ᠬᠥᠮᠦᠵᠢᠭᠦᠯᠵᠦ᠂ ᠡᠭᠦᠨ ᠳᠤ ᠠᠩᠬ᠎ᠠ ᠵᠡᠷᠭᠡ ᠶᠢᠨ ᠮᠡᠷᠭᠡᠵᠢᠯ ᠤᠨ ᠵᠠᠭᠤᠴᠢᠯᠠᠭᠴᠢ 1013 ᠬᠥᠮᠦᠨ᠂ ᠳᠤᠮᠳᠠ ᠵᠡᠷᠭᠡ ᠶᠢᠨ ᠮᠡᠷᠭᠡᠵᠢᠯ ᠤᠨ ᠵᠠᠭᠤᠴᠢᠯᠠᠭᠴᠢ 260 ᠬᠥᠮᠦᠨ ᠪᠠᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ