ᠣᠶᠢᠷ᠎ᠠ ᠶᠢᠨ ᠵᠢᠯ ᠳᠤ᠂ ᠭᠦᠭᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠲᠤᠨ ᠭᠤᠣᠯ ᠤᠨ ᠰᠠᠪᠠ ᠭᠠᠵᠠᠷ ᠲᠤ ᠣᠷᠣᠰᠢᠵᠤ ᠪᠠᠶᠢᠭ᠎ᠠ | ᠡᠯᠡᠰᠦᠷᠬᠡᠭᠵᠢᠯ ᠤᠨ ᠠᠰᠠᠭᠤᠳᠠᠯ᠂ ᠦᠶᠡᠷ ᠤᠰᠤᠨ ᠤ ᠭᠠᠮᠰᠢᠭ᠂ ᠬᠤᠵᠢᠷᠰᠢᠯ ᠤᠨ ᠠᠰᠠᠭᠤᠳᠠᠯ᠂ ᠲᠠᠷᠢᠶᠠᠨ ᠭᠠᠵᠠᠷ ᠤᠨ ᠬᠠᠯᠬᠠᠪᠴᠢ ᠣᠶ᠂ ᠨᠤᠲᠤᠭ ᠪᠡᠯᠴᠢᠭᠡᠷ | ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠢ ᠬᠠᠮᠠᠭᠠᠯᠠᠬᠤ ᠵᠡᠷᠭᠡ ᠵᠢᠷᠭᠤᠭᠠᠨ ᠶᠡᠭᠡ ᠠᠮᠢ | ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠤᠨ᠂ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ︾ ᠶᠢ ᠨᠢᠭᠡ ᠴᠣᠭᠴᠠᠵᠢᠭᠤᠯᠤᠨ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ ᠢᠳᠡᠪᠬᠢᠲᠡᠢ | ᠪᠠᠳᠠᠷᠠᠭᠤᠯᠤᠨ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠬᠠᠲᠤᠨ ᠭᠤᠣᠯ ᠤᠨ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ | ᠢ ᠰᠠᠶᠢᠲᠤᠷ ᠬᠢᠬᠦ ᠶᠢ ᠪᠦᠭᠦ ᠬᠦᠴᠦ ᠪᠠᠷ ᠳᠡᠮᠵᠢᠵᠦ ᠪᠤᠢ᠃ | ᠬᠠᠲᠤᠨ ᠭᠤᠣᠯ ᠤᠨ ︽ᠶᠡᠭᠡ ᠲᠣᠬᠤᠢ︾ ᠶᠢᠨ ᠣᠷᠣᠨ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠡᠪᠡᠷᠡᠭ ᠣᠷᠣᠨ᠂ | ᠬᠠᠲᠤᠨ ᠭᠤᠣᠯ ᠤᠨ ᠳᠤᠮᠳᠠᠳᠤ ᠳᠣᠣᠷᠠᠳᠤ ᠤᠷᠤᠰᠬᠠᠯ ᠤᠨ ᠡᠯᠡᠰᠦ ᠰᠢᠪᠠᠷ ᠤᠨ ᠴᠢᠬᠤᠯᠠ ᠢᠷᠡᠯᠲᠡ ᠶᠢᠨ ᠭᠠᠵᠠᠷ ᠪᠣᠯᠣᠨ᠎ᠠ᠃ ᠡᠭᠦᠨ ᠤ ᠬᠠᠮᠲᠤ ᠪᠠᠰᠠ ᠴᠤ | ᠮᠠᠨ ᠤ ᠤᠯᠤᠰ ᠤᠨ ᠴᠢᠬᠤᠯᠠ ᠲᠠᠷᠢᠶᠠᠯᠠᠩ ᠤᠨ ᠦᠢᠯᠡᠳᠪᠦᠷᠢᠯᠡᠯ ᠤᠨ ᠣᠷᠣᠨ ᠪᠠᠶᠢᠵᠤ᠂ ᠤᠷᠤᠰᠬᠠᠯ ᠳᠠᠭᠠᠤ ᠶᠢᠨ ᠵᠣᠩᠬᠢᠯᠠᠬᠤ ᠤᠯᠠᠨ ᠭᠠᠵᠠᠷ ᠣᠷᠣᠨ ᠨᠢ | ᠴᠥᠮ ᠬᠥᠭᠵᠢᠯᠲᠡ ᠪᠠᠷ ᠤᠳᠠᠭᠠᠪᠲᠤᠷ ᠭᠠᠵᠠᠷ ᠣᠷᠣᠨ ᠪᠣᠯᠣᠨ᠎ᠠ᠃ ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠨᠢ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠤᠷ ᠲᠦᠪᠰᠢᠨ ᠢ ᠪᠠᠲᠤᠯᠠᠬᠤ᠂ ᠤᠯᠤᠰ | ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ᠂ ᠣᠷᠣᠨ ᠪᠦᠰᠡ ᠶᠢᠨ ᠲᠡᠩᠴᠡᠭᠦᠷᠢᠲᠡᠢ ᠪᠥᠭᠡᠳ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠠᠷᠠᠳ | ᠲᠦᠮᠡᠨ ᠤ ᠠᠮᠢᠳᠤᠷᠠᠯ ᠢ ᠠᠵᠠ ᠵᠢᠷᠭᠠᠯ ᠲᠠᠢ ᠪᠠᠶᠢᠯᠭᠠᠬᠤ ᠳᠤ ᠴᠥᠮ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | 2021 ᠣᠨ ᠠᠴᠠ ᠨᠠᠭᠠᠰᠢ᠂ ᠭᠦᠭᠡᠬᠤᠲᠠ ︽ᠥᠪᠥᠷ ᠮᠣᠩᠭᠤᠯ ᠤᠨ ᠭᠦᠭᠡᠬᠤᠲᠠ ᠶᠢᠨ ᠴᠢᠩ ᠱᠦᠢ ᠾᠧ ᠭᠤᠣᠯ ᠤᠨ ᠬᠡᠰᠡᠭ ᠤᠨ ᠬᠠᠲᠤᠨ ᠭᠤᠣᠯ | ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ︾ ᠶᠢᠨ ᠲᠥᠪ ᠤᠨ ᠲᠤᠷᠰᠢᠯᠲᠠ ᠶᠢᠨ ᠴᠡᠭ ᠤᠨ | ᠵᠢᠱᠢᠶ᠎ᠡ ᠦᠵᠡᠭᠦᠯᠭᠦ ᠲᠥᠷᠥᠯ ᠵᠦᠢᠯ ᠢ ᠠᠮᠵᠢᠯᠲᠠ ᠲᠠᠢ ᠬᠡᠷᠡᠭᠵᠢᠭᠦᠯᠵᠦ᠂ ᠨᠡᠶᠢᠲᠡ 3.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠲᠥᠷᠥᠯ ᠵᠦᠢᠯ | ᠤᠨ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠶ 45.44 ᠲᠦᠮᠡᠨ ᠮᠦ ᠳᠤ ᠭᠦᠷᠪᠡ᠃ 2023 ᠣᠨ ᠳᠤ ᠪᠠᠰᠠ ᠲᠡᠦᠬᠡᠨ ᠠᠴᠠ ᠦᠯᠡᠳᠡᠭᠳᠡᠵᠦ ᠢᠷᠡᠭᠰᠡᠨ | ᠬᠠᠶᠠᠭᠳᠠᠮᠠᠯ ᠠᠭᠤᠷᠬᠠᠢ ᠶᠢ ᠵᠠᠰᠠᠬᠤ ᠲᠥᠪ ᠤᠨ ᠵᠢᠱᠢᠶ᠎ᠡ ᠦᠵᠡᠭᠦᠯᠭᠦ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠶᠡᠷᠦᠩᠬᠡᠢ ᠪᠡᠯᠡ | ᠣᠷᠣᠭᠤᠯᠤᠯᠲᠠ ᠨᠢ 5.64 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠵᠢᠯ ᠤᠨ ᠬᠤᠭᠤᠴᠠᠭᠠᠨ ᠳᠤ ᠪᠦᠭᠦ ᠬᠤᠲᠠ ᠶᠢᠨ ᠣᠲᠣ ᠪᠠᠶᠢᠭ᠎ᠠ 467 | ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠵᠢᠷᠤᠭ ᠤᠨ ᠲᠣᠯᠪᠤ ᠶᠢ ᠰᠢᠢᠳᠪᠦᠷᠢᠯᠡᠨ᠂ 2767.62 ᠾᠧᠺᠲ᠋ᠠᠷ ᠠᠮᠢ ᠠᠬᠤᠢ ᠶᠢᠨ | ᠲᠠᠯᠠᠪᠠᠶ ᠶᠢ ᠵᠠᠰᠠᠨ ᠰᠡᠷᠭᠦᠭᠡᠬᠦ ᠪᠠᠷ ᠲᠥᠯᠥᠪᠯᠡᠵᠦ ᠪᠤᠶ᠃ | ᠬᠠᠲᠤᠨ ᠭᠤᠣᠯ ᠤᠨ ᠭᠤᠣᠯ ᠤᠷᠤᠰᠬᠠᠯ ᠤᠨ ᠳᠡᠭᠡᠳᠦ ᠳᠣᠣᠷᠠᠳᠤ ᠤᠷᠤᠰᠬᠠᠯ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠥᠭᠬᠦ | ᠲᠣᠭᠲᠠᠴᠠ ᠶᠢ ᠬᠠᠶᠢᠨ ᠰᠦᠪᠡᠭᠴᠢᠯᠡᠵᠦ᠂ ︽ᠭᠦᠭᠡᠬᠤᠲᠠ ᠶᠢᠨ ᠭᠤᠣᠯᠳᠠᠯᠭ᠎ᠠ ᠲᠠᠢ ᠭᠤᠣᠯ ᠮᠥᠷᠡᠨ ᠤ ᠤᠰᠤᠨ ᠤ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ | ᠤᠰᠤᠨ ᠤ ᠴᠢᠨᠠᠷ ᠤᠨ ᠪᠣᠬᠢᠷᠳᠤᠯ ᠳᠤ ᠨᠥᠬᠦᠪᠦᠷᠢ ᠥᠭᠬᠦ ᠲᠥᠰᠥᠯ︾ ᠢ ᠲᠣᠭᠲᠠᠭᠠᠨ᠂ ︽ᠬᠡᠨ ᠪᠣᠬᠢᠷᠲᠤᠭᠤᠯᠪᠠᠯ ᠬᠡᠨ ᠵᠠᠰᠠᠬᠤ᠂ ᠬᠡᠨ ᠬᠠᠮᠠᠭᠠᠯᠠᠪᠠᠯ ᠬᠡᠨ ᠠᠰᠢᠭ | ᠭᠦᠷᠳᠡᠭᠦ︾ᠤᠰᠤᠨ ᠤ ᠴᠢᠨᠠᠷ ᠤᠨ ᠪᠣᠬᠢᠷᠳᠤᠯ ᠳᠤ ᠨᠥᠬᠦᠪᠦᠷᠢ ᠥᠭᠬᠦ ᠲᠣᠭᠲᠠᠴᠠ ᠶᠢ ᠤᠯᠠᠮ ᠪᠦᠷᠢᠨᠰᠢᠭᠦᠯᠦᠨ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ | ᠬᠢᠨᠠᠨ ᠰᠢᠯᠭᠠᠯᠲᠠ ᠪᠠᠷ ᠳᠡᠮᠵᠢᠨ ᠭᠦᠭᠡᠬᠤᠲᠠ 2022 ᠣᠨ ᠪᠠ 2023 ᠣᠨ ᠳᠤ ᠴᠥᠮ ᠬᠢᠨᠠᠨ ᠰᠢᠯᠭᠠᠬᠤ ᠱᠠᠭᠠᠷᠳᠠᠯᠭ᠎ᠠ ᠳᠤ ᠬᠦᠷᠴᠦ᠂ ᠨᠡᠶᠢᠲᠡ 636 | ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠵᠤ᠂ ᠪᠦᠭᠦ ᠲᠤᠰᠬᠠᠢ ᠵᠦᠢᠯ ᠢ ᠰᠠᠪᠠ ᠭᠠᠵᠠᠷ ᠤᠨ ᠳᠣᠲᠣᠷᠠᠬᠢ ᠭᠤᠣᠯᠳᠠᠯᠭ᠎ᠠ ᠲᠠᠢ ᠭᠤᠣᠯ ᠮᠥᠷᠡᠨ ᠤ | ᠤᠰᠤᠨ ᠤ ᠴᠢᠨᠠᠷ ᠢ ᠰᠠᠶᠢᠵᠢᠷᠠᠭᠤᠯᠤᠨ ᠳᠡᠭᠡᠭᠰᠢᠯᠡᠭᠦᠯᠭᠦ ᠲᠥᠷᠥᠯ ᠵᠦᠢᠯ ᠳᠤ ᠬᠡᠷᠡᠭᠯᠡᠪᠡ᠃ | ︽ᠭᠦᠭᠡᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ | ᠬᠡᠷᠡᠭᠵᠢᠭᠦᠯᠬᠦ ᠲᠥᠰᠥᠯ ᠤᠨ ᠡᠭᠦᠷᠭᠡ ᠱᠠᠭᠠᠷᠳᠠᠯᠭ᠎ᠠ ᠶᠢᠨ ᠲᠣᠭᠤᠷᠢᠨ ᠳᠤ᠂ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ 2023 ᠣᠨ ᠳᠤ ᠨᠡᠶᠢᠲᠡ | 2785 ᠲᠦᠮᠡᠨ ᠲᠥᠭᠦᠷᠢᠭ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠣᠷᠣᠭᠤᠯᠵᠤ᠂ ᠦᠴᠦᠸᠠᠨ ᠰᠢᠶᠠᠨ | ᠭᠦᠭᠡᠬᠤᠲᠠ ᠶᠢᠨ ᠠᠩᠬᠠᠨ ᠤ ᠪᠦᠯᠦᠭ ᠤᠨ ︽ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ | ᠰᠢᠶᠠᠨ︾ ᠢ ᠪᠠᠶᠢᠭᠤᠯᠬᠤ ᠶᠢ ᠳᠡᠮᠵᠢᠬᠦ ᠳᠤ ᠬᠡᠷᠡᠭᠯᠡᠵᠦ᠂ ᠪᠦᠭᠦ ᠵᠢᠯ ᠳᠤ ᠪᠦᠭᠦ ᠰᠢᠶᠠᠨ ᠤ ᠬᠡᠪᠴᠢᠶᠡᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠪᠡ᠃ | ᠭᠦᠭᠡᠬᠤᠲᠠ 2022 ︱ 2023 ᠣᠨ ᠳᠤ ᠨᠡᠶᠢᠲᠡ 9858 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠠᠲᠤᠨ ᠭᠤᠣᠯ ᠤᠨ ᠰᠠᠪᠠ ᠭᠠᠵᠠᠷ | ᠤᠨ ᠬᠠᠷᠠᠤ᠋ᠰᠤ ᠨᠠᠭᠤᠷ ᠤᠨ ᠠᠮᠢ ᠠᠬᠤᠢ ᠶᠢᠨ ᠵᠠᠪᠰᠠᠷ ᠤᠨ ᠪᠦᠰᠡ ᠶᠢ ᠵᠠᠰᠠᠨ ᠰᠡᠷᠭᠦᠭᠡᠬᠦ ᠵᠢᠴᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠪᠡ᠃ ᠨᠤᠭᠤ ᠭᠠᠵᠠᠷ ᠢ ᠬᠠᠮᠠᠭᠠᠯᠠᠬᠤ ᠠᠵᠢᠯ ᠤᠨ ᠵᠠᠷᠤᠳᠠᠯ ᠢ ᠬᠤᠲᠠ ᠶᠢᠨ ᠲᠣᠰ ᠱᠠᠲᠤᠨ ᠤ ᠪᠠ ᠡᠯ᠎ᠡ ᠬᠤᠰᠢᠭᠤ ᠰᠢᠶᠠᠨ ᠲᠣᠭᠤᠷᠢᠭ ᠤᠨ | ᠲᠥᠰᠥᠪ ᠲᠤ ᠣᠷᠣᠭᠤᠯᠤᠨ ᠪᠠᠲᠤᠯᠠᠵᠤ᠂ ᠬᠤᠲᠠ ᠶᠢᠨ ᠲᠣᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠂ 2024 ᠣᠨ ᠳᠤ ᠨᠡᠶᠢᠲᠡ 249 ᠲᠦᠮᠡᠨ ᠲᠥᠭᠦᠷᠢᠭ ᠲᠣᠬᠢᠷᠠᠭᠤᠯᠵᠤ᠂ ᠳᠡᠭᠡᠷ᠎ᠡ ᠵᠢᠯ ᠤᠨ ᠬᠢ ᠠᠴᠠ 45% ᠪᠠᠷ ᠨᠡᠮᠡᠭᠳᠡᠭᠦᠯᠪᠡ᠃ | ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢᠨ ᠳᠡᠮᠵᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠭᠦᠭᠡᠬᠤᠲᠠ ᠶᠢᠨ ᠴᠢᠩ ᠱᠦᠢ ᠾᠧ | ᠭᠤᠣᠯ ᠤᠨ ᠬᠠᠶᠢᠲᠠᠩ ᠵᠢᠮᠢᠰ᠂ ᠬᠤᠷᠢᠨᠭᠡᠷ ᠰᠢᠶᠠᠨ ᠤ ᠴᠢᠴᠠᠷᠭᠠᠨ᠎ᠠ᠂ ᠦᠴᠦᠸᠠᠨ ᠤ ᠡᠪᠡᠰᠦᠨ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠣᠶ ᠵᠢᠮᠢᠰ ᠤᠨ | ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ | ᠠᠵᠤ ᠦᠶᠢᠯᠡᠰᠵᠢᠯᠲᠡ ᠶᠢᠨ ᠲᠤᠰᠬᠠᠢ ᠪᠡᠯᠡ ᠮᠥᠩᠭᠦ ᠶᠢ ᠨᠡᠶᠢᠲᠡ 400 ᠲᠦᠮᠡᠨ ᠲᠥᠭᠦᠷᠢᠭ ᠣᠯᠵᠤ᠂ ᠦᠴᠦᠸᠠᠨ ᠰᠢᠶᠠᠨ ᠤ 4000 ᠮᠦ ᠡᠪᠡᠰᠦᠨ ᠡᠮ | ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠨ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠪᠠ᠃ |