ᠮᠠᠨ ᠤ ᠬᠤᠳᠠ ᠴᠢᠬᠤᠯᠠ ᠶᠡᠭᠡ ᠡᠳ᠋ ᠪᠠᠷᠠᠭᠠᠨ ᠤ ᠬᠦᠢᠯᠭᠡᠭᠡᠨ ᠤ ᠲᠦᠷᠦᠯ ᠵᠦᠢᠯ ᠤᠨ ᠪᠠᠶᠢᠭᠤᠯᠤᠯᠳᠠ ᠶᠢ ᠤᠷᠤᠭᠰᠢᠳᠠᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/6/6
      ︵ᠰᠤᠷᠪᠤᠯᠵᠢᠯᠠᠭᠴᠢ ᠶᠦᠨ ᠶᠠᠨ ᠹᠠᠩ︶ ᠲᠦᠷᠦᠭᠦᠬᠡᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠮᠠᠨ ᠤ ᠬᠤᠲᠠ ᠶᠢᠨ ᠴᠢᠬᠤᠯᠠ ᠶᠡᠭᠡ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠳᠤ ᠨᠡᠶᠢᠲᠡ 30 ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ ᠨᠡᠶᠢᠲᠡ 123.64 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠭᠦᠨ ᠳᠤ ᠬᠥᠬᠡᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂  ᠵᠦᠩ ᠨᠦᠩ ᠯᠢᠶᠠᠨ ᠣᠯᠠᠨ ᠤᠯᠤᠰ ᠤᠨ ᠬᠦᠢᠲᠡᠨ ᠬᠡᠯᠬᠢᠶᠡᠲᠦ ᠡᠯᠧᠺᠲᠷᠤᠨ ᠬᠤᠳᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠦᠴᠤᠸᠠᠨ ᠤ 10 ᠲᠦᠮᠡᠨ ᠲᠣᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠨᠢᠭᠡ ᠪᠦᠯᠦᠭ ᠦᠷᠭᠦᠯᠵᠢᠯᠡᠨ ᠪᠠᠶᠢᠭᠤᠯᠬᠤ ᠴᠢᠬᠤᠯᠠ ᠶᠡᠭᠡ ᠲᠥᠷᠥᠯ ᠵᠦᠢᠯ ᠪᠠ ᠥᠪᠥᠷ ᠮᠣᠩᠭᠤᠯ ᠤᠨ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡ ᠡᠳ᠋ ᠪᠣᠳᠠᠰ ᠤᠨ ᠬᠥᠮᠥᠷᠭᠡ᠂ ᠴᠢᠩ ᠱᠦᠶ ᠾᠧ ᠶᠢᠨ ᠱᠢ ᠴᠢ ᠭᠸᠦ ᠨᠡᠭᠦᠷᠡᠰᠦᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠬᠤᠶ ᠯᠢ ᠰᠢᠩ ᠲᠦᠩ ᠣᠶᠤᠨᠴᠢ ᠡᠬᠡ ᠬᠠᠭᠤᠷᠠᠶ ᠶᠢᠨ ᠭᠠᠷᠠᠮ ᠵᠡᠷᠭᠡ ᠨᠢᠭᠡ ᠪᠦᠯᠦᠭ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠪᠠᠭᠲᠠᠭᠠᠵᠤ᠂ ᠲᠣᠰ ᠵᠢᠯ ᠳᠤ 30.55 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠨᠢᠭᠡᠨᠲᠡ 7.88 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠡᠶ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠶᠡᠭᠡ ᠬᠦᠢᠰᠦ ᠶᠢ ᠪᠠᠶᠢᠭᠤᠯᠬᠤ᠂ ᠲᠣᠮᠣ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠲᠣᠮᠣ ᠠᠵᠤ ᠦᠢᠯᠡᠰ ᠢ ᠪᠦᠷᠢᠯᠳᠦᠭᠦᠯᠬᠦ ᠰᠢᠵᠢᠷ ᠠᠯᠲᠠᠨ ᠠᠵᠠ ᠲᠣᠬᠢᠶᠠᠯ ᠤᠨ ᠬᠤᠭᠤᠴᠠᠭ᠎ᠠ ᠶᠢ ᠡᠵᠡᠮᠳᠡᠵᠦ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠬᠢᠯᠢ ᠠᠯᠤᠰᠯᠠᠭᠰᠠᠨ  ᠡᠯᠧᠺᠲᠷᠣᠨ ᠬᠤᠳᠠᠯᠳᠤᠭ᠎ᠠ᠂ ᠶᠡᠭᠡ ᠬᠡᠮᠵᠢᠶᠡᠨ ᠤ ᠠᠷᠠᠯᠵᠢᠶ᠎ᠠ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡ ᠵᠡᠷᠭᠡ ᠠᠵᠤ ᠠᠬᠤᠶᠢᠯᠠᠯ ᠤᠨ ᠲᠥᠪᠯᠡᠷᠡᠨ ᠪᠠᠶᠢᠷᠢᠯᠠᠭᠤᠯᠬᠤ ᠪᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠦᠢᠯᠡᠰ ᠢ ᠵᠠᠩᠭᠢᠯᠠᠭ᠎ᠠ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠳᠤ ᠲᠥᠪᠯᠡᠷᠡᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠤᠯᠤᠰ ᠠᠴᠠ ᠶᠡᠭᠡ ᠬᠡᠪᠴᠢᠶᠡᠨ ᠤ ᠲᠥᠬᠦᠭᠡᠷᠦᠮᠵᠢ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠬᠢᠷᠲᠤᠯ ᠥᠬᠡᠶ ᠪᠠᠷᠠᠭᠠᠨ ᠤ ᠭᠦᠢᠯᠭᠡᠭᠡᠨ ᠤ ᠮᠡᠷᠭᠡᠵᠢᠯ ᠢ ᠬᠡᠷᠡᠭᠯᠡᠵᠦ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢ ᠰᠢᠨᠡᠳᠬᠡᠨ ᠰᠣᠯᠢᠬᠤ ᠶᠢ ᠴᠢᠩᠭᠠᠳᠬᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ  ᠠᠬᠢᠭᠤᠯᠤᠨ᠎ᠠ᠃      ᠣᠶᠢᠯᠠᠭᠠᠭᠰᠠᠨ ᠢᠶᠠᠷ᠂ 2023 ᠣᠨ ᠳᠤ᠂ ᠬᠥᠬᠡᠬᠤᠲᠠ ᠶᠢᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠥᠲᠥᠭᠡᠨ ᠪᠠᠶᠢᠭᠤᠯᠤᠯᠲᠠ ︽ᠲᠦᠷᠭᠡᠨ ᠵᠠᠮ︾ ᠳᠤ ᠣᠷᠣᠪᠠ᠃ ᠬᠥᠬᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠦᠢᠰᠦ ᠶᠢᠨ ᠨᠡᠮᠡᠭᠳᠡᠯ ᠤᠨ ᠲᠥᠷᠥᠯ ᠵᠦᠢᠯ ᠢ ᠱᠦᠨ᠂ ᠶᠤᠸᠠᠨ ᠲᠦᠩ᠂ ᠲᠢᠶᠧ ᠲᠦᠩ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ ᠵᠡᠷᠭᠡ ᠶᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠬᠦᠢᠰᠦ ᠶᠢᠨ ᠳᠣᠲᠣᠷᠠᠬᠢ ᠡᠳ᠋ ᠪᠠᠷᠠᠭ᠎ᠠ ᠶᠢ ᠣᠷᠣᠭᠤᠯᠵᠤ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 138% ᠪᠠᠷ ᠨᠡᠮᠡᠭᠳᠡᠵᠦ᠂ ᠪᠠᠷᠠᠭᠠᠨ ᠤ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 152% ᠢᠶᠠᠷ ᠨᠡᠮᠡᠭᠳᠡᠪᠡ᠃ ᠡᠭᠦᠨ ᠤ ᠬᠠᠮᠲᠤ᠂ ᠬᠥᠬᠡᠬᠤᠲᠠ ᠶᠢᠨ ᠤᠯᠤᠰ ᠤᠨ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠨᠡᠮᠡᠭᠳᠡᠯ ᠤᠨ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠥᠬᠡᠬᠤᠲᠠ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠨᠡᠮᠡᠭᠳᠡᠯ ᠤᠨ ᠲᠥᠷᠥᠯ ᠵᠦᠢᠯ ᠡᠯᠡᠰᠦᠨ ᠨᠢᠷᠤᠭᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ