ᠬᠥᠬᠡᠬᠤᠲᠠ ᠶᠢᠨ ᠨᠢᠰᠭᠡᠯ ᠤᠨ ᠪᠠᠭᠤᠳᠠᠯ 5 ᠳ᠋ᠤᠭᠠᠷ ᠰᠠᠷ᠎ᠠ ᠳᠤ ᠠᠶᠠᠨᠴᠢᠳ ᠢ 103.7 ᠲᠦᠮᠡᠨ ᠬᠥᠮᠦᠨ ᠤᠳᠠᠭ᠎ᠠ ᠬᠦᠷᠭᠡᠵᠦ ᠲᠤᠰᠪᠠ
ᠨᠡᠶᠢᠲᠡᠯᠡᠭᠰᠡᠨ ᠴᠠᠭ᠄
2024/6/6
      ︵ᠰᠤᠷᠪᠤᠯᠵᠢᠯᠠᠭᠴᠢ ᠶᠦᠨ ᠶᠠᠨ ᠹᠠᠩ︶ ᠬᠥᠬᠡᠬᠤᠲᠠ ᠶᠢᠨ ᠨᠢᠰᠭᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠳᠤ᠂ ᠲᠤᠰ ᠨᠢᠰᠭᠡᠯ ᠤᠨ ᠪᠠᠭᠤᠳᠠᠯ 0.9 ᠲᠦᠮᠡᠨ ᠨᠢᠰᠭᠡᠯ ᠤᠳᠠᠭ᠎ᠠ ᠨᠢᠰᠴᠦ ᠪᠠᠭᠤᠨ᠂ ᠠᠶᠠᠨᠴᠢᠳ ᠢ 103.7 ᠲᠦᠮᠡᠨ ᠬᠥᠮᠦᠨ ᠤᠳᠠᠭ᠎ᠠ ᠲᠤᠰᠴᠤ ᠬᠦᠷᠭᠡᠨ᠂ ᠪᠠᠷᠠᠭ᠎ᠠ  ᠰᠢᠥᠳᠡᠨ ᠤ ᠣᠷᠣᠭᠤᠯᠵᠤ ᠭᠠᠷᠭᠠᠭᠰᠠᠨ ᠬᠡᠮᠵᠢᠶ᠎ᠡ 0.4 ᠲᠦᠮᠡᠨ ᠲᠤᠨ ᠬᠦᠷᠴᠦ᠂ ᠲᠤᠰ ᠲᠤᠰ 2019 ᠣᠨ ᠤ ᠠᠳᠠᠯᠢ ᠬᠤᠭᠤᠴᠠᠭᠠᠨ ᠤ 96.3%᠂ 90.3% ᠪᠠ 138.8% ᠪᠠᠷ ᠰᠡᠷᠭᠦᠭᠡᠪᠡ᠃      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠢᠨ ᠠᠶᠠᠨᠴᠢᠳ ᠤᠨ ᠢᠷᠡᠯᠲᠡ ᠶᠢ ᠵᠣᠬᠢᠶᠠᠨ ᠪᠠᠶᠢᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠡᠭᠡᠯᠵᠢ ᠶᠢᠨ ᠨᠢᠰᠬᠡᠯ ᠤᠨ ᠰᠠᠭᠤᠳᠠᠯ ᠤᠨ ᠨᠣᠷᠮ᠎ᠠ ᠶᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠦᠨ᠎ᠡ᠃ ︽ᠳᠠᠭᠤᠨ ᠤ ᠲᠣᠭᠯᠠᠯᠲᠠ︾ ᠵᠡᠷᠭᠡ ᠠᠵᠢᠯᠯᠠᠭ᠎ᠠ ᠶᠢᠨ ᠬᠠᠯᠠᠮᠰᠢᠯ ᠢ ᠠᠳᠬᠤᠵᠤ᠂ ︽ᠳᠠᠭᠤᠨ ᠤ ᠲᠣᠭᠯᠠᠯᠲᠠ+ ᠠᠭᠠᠷ ᠠᠶᠡᠯᠠᠯ︾ ᠢ ᠠᠭᠤᠰᠤᠯᠴᠠᠭᠤᠯᠤᠨ ᠤᠬᠠᠭᠤᠯᠬᠤ ᠠᠵᠢᠯ ᠢ ᠥᠷᠨᠢᠭᠦᠯᠵᠦ᠂ ᠨᠢᠰᠬᠡᠯ ᠤᠨ ᠪᠢᠯᠧᠲ ᠤᠨ ᠪᠦᠲᠦᠭᠡᠭᠳᠡᠬᠦᠨ ᠢ ᠪᠠᠶᠠᠯᠢᠭᠵᠢᠭᠤᠯᠵᠤ᠂ ᠠᠭᠠᠷ ᠠᠶᠠᠯᠠᠯ ᠤᠨ ᠲᠠᠲᠠᠬᠤ ᠬᠦᠴᠦᠨ ᠢ ᠳᠡᠭᠡᠭᠰᠢᠯᠡᠭᠦᠯᠵᠦ᠂ ᠠᠶᠠᠨᠴᠢᠳ ᠤᠨ ᠢᠷᠡᠯᠳᠡ ᠶᠢ ᠨᠡᠮᠡᠭᠳᠡᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ᠵᠣᠨ ᠤ ᠲᠡᠭᠡᠭᠡᠪᠦᠷᠢ ᠶᠢᠨ ᠬᠥᠭᠵᠢᠶᠡᠨᠲᠡᠢ ᠤᠯᠠᠷᠢᠯ ᠤᠨ ᠠᠭᠠᠷ ᠤᠨ ᠠᠶᠠᠯᠠᠯ ᠤᠨ ᠱᠤᠭᠤᠮ ᠢ ᠵᠦᠢ ᠵᠣᠬᠢᠰᠲᠠᠢ ᠲᠥᠯᠥᠪᠵᠢᠭᠦᠯᠵᠦ᠂ ᠠᠭᠠᠷ ᠤᠨ ᠠᠶᠠᠯᠠᠯ ᠤᠨ ᠺᠣᠮᠫᠠᠨᠢ ᠶᠢ ᠢᠳᠡᠪᠬᠢᠲᠡᠢ ᠵᠣᠬᠢᠴᠠᠭᠤᠯᠵᠤ᠂ ᠬᠥᠭᠵᠢᠶᠡᠨᠲᠡᠢ ᠤᠯᠠᠷᠢᠯ ᠳᠤ ᠡᠭᠡᠯᠵᠢ ᠶᠢᠨ ᠨᠢᠰᠭᠡᠯ ᠨᠡᠮᠡᠬᠦ ᠡᠮᠦᠨᠡᠬᠢ ᠬᠤᠭᠤᠴᠠᠭᠠᠨ ᠤ ᠪᠡᠯᠡᠳᠭᠡᠯ ᠠᠵᠢᠯ ᠢ ᠰᠠᠶᠢᠲᠤᠷ ᠬᠢᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ