ᠲᠦᠷᠦᠭᠦᠬᠡᠨ᠂ ᠭᠦᠭᠡᠬᠤᠲᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠥᠵᠢᠭᠦᠯᠬᠦ ᠬᠥᠮᠦᠵᠢᠯ ᠤᠨ ᠶᠠᠰᠤ | ᠴᠢᠨᠠᠷ ᠢ ᠳᠡᠭᠡᠭᠰᠢᠯᠡᠭᠦᠯᠭᠦ ᠬᠤᠷᠠᠯ ᠵᠢᠴᠢ 2024 ᠣᠨ ᠤ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ︾ | ᠶᠢᠨ ᠠᠵᠢᠯᠯᠠᠭ᠎ᠠ ᠭᠦᠭᠡᠬᠤᠳᠠ ᠶᠢᠨ ᠬᠤᠷᠢᠨᠭᠡᠷ ᠰᠢᠶᠠᠨ ᠳᠤ ᠶᠠᠪᠤᠭᠳᠠᠪᠠ᠃ | ᠬᠤᠷᠠᠯ ᠳᠤ ᠣᠷᠣᠯᠴᠠᠭᠰᠠᠳ ᠭᠦᠭᠡᠬᠤᠳᠠ ᠶᠢᠨ ᠬᠤᠷᠢᠨᠭᠡᠷ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠪᠣᠯᠣᠨ ᠬᠤᠶᠠᠳᠤᠭᠠᠷ ᠦᠨᠳᠦᠰᠦᠲᠡᠨ ᠤ | ᠬᠡᠦᠬᠡᠳ ᠤᠨ ᠴᠡᠴᠡᠷᠯᠢᠭ ᠤᠨ ᠭᠡᠷ ᠤᠨ ᠳᠣᠲᠣᠨ᠎ᠠ ᠭᠠᠳᠠᠨᠠᠬᠢ ᠣᠷᠴᠢᠨ ᠲᠣᠭᠤᠷᠢᠨ᠂ ᠪᠡᠶ᠎ᠡ ᠪᠠᠨ ᠳᠠᠭᠠᠭᠠᠭᠰᠠᠨ ᠲᠣᠭᠯᠠᠭᠠᠮ᠂ ᠨᠡᠶᠢᠭᠡᠮ ᠤᠨ ᠪᠦᠯᠭᠦᠮ ᠤᠨ | ᠠᠵᠢᠯᠯᠠᠭ᠎ᠠ ᠵᠡᠷᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ | ᠬᠤᠷᠠᠯ ᠳᠡᠭᠡᠷ᠎ᠡ᠂ ᠬᠡᠰᠡᠭ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠳᠡᠳ᠋ | ᠲᠣᠪᠴᠢᠶ᠎ᠠ ᠶᠢᠨ ᠳᠠᠷᠤᠭ᠎ᠠ ᠲᠣᠰ ᠭᠠᠵᠠᠷ ᠣᠷᠣᠨ ᠤ ᠭᠢᠯᠠᠰ ᠴᠡᠭ ᠵᠢᠴᠢ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢᠶᠠᠨ ᠬᠠᠷᠢᠭᠤ ᠮᠡᠳᠡᠭᠦᠯᠵᠦ᠂ ᠬᠡᠦᠬᠡᠳ ᠤᠨ | ᠴᠡᠴᠡᠷᠯᠢᠭ ᠤᠨ ᠵᠠᠬᠢᠷᠤᠯ ᠤᠨ ᠲᠥᠯᠥᠭᠡᠯᠡᠭᠴᠢ ᠠᠴᠠ ᠴᠡᠴᠡᠷᠯᠢᠭ ᠤᠨ ᠰᠣᠶᠣᠯ᠂ ᠴᠡᠴᠡᠷᠯᠢᠭ ᠤᠨ ᠬᠠᠮᠢᠶᠠᠷᠤᠯᠲᠠ᠂ ᠴᠡᠴᠡᠷᠯᠢᠭ ᠤᠨ ᠬᠢᠴᠢᠶᠡᠯ ᠤᠨ ᠪᠠᠶᠢᠭᠤᠯᠤᠯᠲᠠ᠂ | ᠪᠡᠶ᠎ᠡ ᠪᠠᠨ ᠳᠠᠭᠠᠭᠠᠭᠰᠠᠨ ᠲᠣᠭᠯᠠᠭᠠᠮ ᠵᠡᠷᠭᠡ ᠲᠠᠯ᠎ᠠ ᠪᠠᠷ ᠬᠢ ᠠᠷᠭ᠎ᠠ ᠬᠢᠳᠡᠯ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃ | ᠬᠤᠷᠠᠯ ᠠᠴᠠ᠂ ᠬᠤᠳᠠ ᠪᠠ ᠡᠯ᠎ᠡ ᠬᠤᠰᠢᠭᠤ ᠰᠢᠶᠠᠨ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠪᠦᠭᠦ ᠨᠡᠶᠢᠭᠡᠮ ᠢᠶᠠᠷ ᠢᠶᠠᠨ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠵᠤ᠂ ᠥᠷᠭᠡᠨ | ᠣᠯᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠲᠠᠳ ᠢ ᠬᠥᠲᠥᠯᠥᠨ ᠵᠢᠯᠤᠭᠤᠳᠴᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠶᠢ ᠲᠦᠷᠭᠡᠳᠬᠡᠵᠦ᠂ ᠪᠦᠭᠦ ᠬᠤᠲᠠ ᠶᠢᠨ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠨᠡᠶᠢᠳᠡᠮ ᠠᠰᠢᠭ ᠬᠦᠷᠲᠡᠭᠡᠬᠦ᠂ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ | ᠴᠢᠬᠤᠯᠠᠴᠢᠯᠠᠪᠠ᠃ |