ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/7/1
ᠪᠣᠣ ᠭᠠᠩ ᠬᠤᠷᠠᠯ ᠢ ᠡᠷᠬᠢᠯᠡᠵᠡᠢ      ︵ᠰᠤᠷᠪᠤᠯᠵᠢᠯᠠᠭᠴᠢ ᠶᠦᠨ ᠵᠢᠩ︶ 6 ᠳ᠋ᠤᠭᠠᠷ ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ 6 ᠳ᠋ᠤᠭᠠᠷ ᠰᠠᠷ᠎ᠠ ᠶᠢᠨ 27 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ  ᠪᠠ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠨ ᠬᠥᠬᠢᠭᠦᠯᠬᠦ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠷᠤᠨ ᠤ ᠲᠥᠪ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠪᠠᠶᠢᠭᠤᠯᠤᠮᠵᠢ ᠲᠣᠭᠲᠠᠴᠠ ᠠᠴᠠ ᠭᠠᠷᠳᠠᠵᠤ᠂ ᠤᠷᠤᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠡᠮᠵᠡᠭ ᠲᠠᠯ᠎ᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠦᠢᠯᠡᠳᠦᠯᠭᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠠ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠬᠡᠬᠤᠲᠠ ᠪᠤᠭᠤᠲᠤ ᠣᠷᠳᠣᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ᠂ ᠰᠦ ᠶᠢᠨ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠲᠥᠪ ᠢ ᠪᠣᠳᠠᠲᠤ ᠴᠣᠭᠴᠠᠵᠢᠭᠤᠯᠤᠨ ᠠᠵᠢᠯᠯᠠᠭᠤᠯᠬᠤ᠂ ᠤᠯᠤᠰ ᠤᠨ ᠲᠠᠰ ᠤᠨ ᠡᠪᠡᠰᠦᠨ ᠤ ᠦᠢᠯᠡᠰ ᠤᠨ ᠰᠢᠨ᠎ᠡ ᠶᠢ ᠡᠭᠦᠳᠬᠦ ᠲᠥᠪ ᠢ ᠭᠤᠶᠤᠴᠢᠯᠠᠨ ᠮᠡᠳᠡᠭᠦᠯᠬᠦ ᠵᠡᠷᠭᠡ ᠠᠵᠢᠯ ᠢ ᠪᠣᠳᠠᠲᠠᠶ ᠠᠳᠬᠤᠵᠤ᠂ ᠠᠮᠢᠲᠠᠨ ᠤ ᠸᠠᠺᠼᠢᠨ᠂ ᠬᠠᠭᠠᠰ ᠳᠠᠮᠵᠢᠭᠤᠯᠤᠭᠴᠢ ᠴᠠᠬᠢᠭᠤᠷ ᠤᠨ ᠮᠠᠲ᠋ᠧᠷᠢᠶᠠᠯ᠂ ᠠᠰᠢᠭᠲᠤ ᠪᠠᠺᠲ᠋ᠧᠷᠢ ᠵᠡᠷᠭᠡ ᠰᠢᠨ᠎ᠡ ᠶᠢ ᠡᠭᠦᠳᠬᠦ ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠬᠡᠷᠡᠭᠲᠡᠶ᠃ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦ ᠶᠢᠨ ᠪᠤᠳᠤᠯᠭ᠎ᠠ ᠶᠢ ᠰᠢᠰᠲ᠋ᠧᠮᠵᠢᠭᠦᠯᠬᠦ ᠪᠠ ᠦᠷ᠎ᠡ ᠪᠦᠳᠦᠮᠵᠢᠳᠦ ᠴᠢᠨᠠᠷ ᠢ ᠲᠤᠪᠤᠶᠢᠯᠭᠠᠨ᠂ ᠴᠢᠳᠠᠪᠤᠷᠢᠲᠠᠨ ᠤ ᠲᠦᠷᠦ ᠶᠢᠨ ᠪᠤᠳᠤᠯᠭ᠎ᠠ ᠶᠢ ᠪᠡᠶᠡᠯᠡᠭᠦᠯᠬᠦ ᠪᠠ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠳᠡᠶᠢᠯᠬᠦ᠂ ᠦᠨᠡᠨ ᠲᠤᠰᠠᠲᠠᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠡᠯ᠎ᠡ ᠲᠦᠷᠦᠯ ᠤᠨ ᠴᠢᠳᠠᠪᠤᠷᠢᠲᠠᠨ ᠢ ᠦᠯᠡᠳᠡᠭᠡᠵᠦ ᠳᠡᠶᠢᠯᠬᠦ ᠮᠦᠷᠳᠡᠭᠡᠨ ᠰᠠᠶᠢᠲᠤᠷ ᠦᠯᠡᠳᠡᠭᠡᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠰᠤᠷᠭᠠᠨ ᠬᠥᠮᠥᠵᠢᠯ ᠤᠨ ᠰᠢᠰᠲ᠋ᠧᠮ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠲᠦᠷᠢᠮ ᠤᠨ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠦᠨᠡᠨ ᠬᠦ ᠰᠠᠶᠢᠲᠤᠷ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ