| | | ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠢᠦᠶ ᠴᠢᠤᠸᠠᠨ ᠲᠣᠭᠤᠷᠢᠭ ᠤᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ 22 ᠨᠢᠭᠡᠴᠢ ᠲᠠᠢ ᠬᠠᠮᠲᠤᠷᠠᠨ ᠮᠧᠶ ᠲᠦᠩ ᠵᠠᠬ᠎ᠠ ᠳᠡᠯᠭᠡᠭᠦᠷ ᠲᠤ ᠭᠦᠨᠵᠡᠭᠡᠶᠢᠷᠡᠨ ᠬᠤᠳᠠᠯᠳᠤᠭᠠᠨ ᠤ | ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠤᠬᠠᠭᠤᠯᠭ᠎ᠠ ᠨᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ ᠪᠠᠶᠢᠳᠠᠯ ᠢ | ᠠᠮᠵᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ︾ ᠪᠠᠷ ᠭᠤᠤᠯ ᠰᠡᠳᠦᠪ ᠪᠣᠯᠭᠠᠵᠤ᠂ ᠠᠬᠤᠢ ᠲᠠᠯᠠᠪᠠᠢ ᠳᠤ | ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠬᠤᠳᠠᠯᠳᠤᠭᠠᠨ ᠤ ᠦᠨᠡᠨᠴᠢ ᠢᠲᠡᠭᠡᠮᠵᠢ ᠶᠢᠨ | ᠰᠠᠨᠠᠭᠠᠴᠢᠯᠠᠭ᠎ᠠ ᠶᠢᠨ ᠪᠢᠴᠢᠭ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ᠂ ᠣᠯᠠᠨ ᠲᠦᠮᠡᠨ ᠢ ᠬᠥᠲᠥᠯᠦᠨ ᠵᠢᠯᠣᠭᠤᠳᠴᠤ | ᠢᠲᠡᠭᠡᠮᠵᠢ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠰᠠᠶᠢᠨ ᠰᠠᠶᠢᠬᠠᠨ ᠢᠲᠡᠭᠡᠮᠵᠢ ᠶᠢᠨ ᠲᠡᠮᠳᠡᠭᠯᠡᠯ ᠢ ᠬᠡᠷᠬᠢᠨ ᠪᠠᠲᠤᠯᠠᠬᠤ᠂ ᠢᠲᠡᠭᠡᠮᠵᠢ ᠮᠠᠭᠤᠲᠠᠢ | ᠲᠡᠮᠳᠡᠭᠯᠡᠯ ᠤᠨ ᠨᠠᠵᠠᠭᠠᠶ ᠨᠥᠯᠥᠭᠡ ᠵᠢᠴᠢ ᠢᠲᠡᠭᠡᠮᠵᠢ ᠶᠢ ᠬᠡᠷᠬᠢᠨ ᠰᠡᠷᠭᠦᠭᠡᠬᠦ ᠵᠡᠷᠭᠡ ᠠᠰᠠᠭᠤᠳᠠᠯ ᠢ ᠣᠶᠢᠯᠠᠭᠠᠭᠤᠯᠵᠤ᠂ ᠪᠥᠬᠦ ᠠᠷᠠᠳ ᠤᠨ ᠦᠨᠡᠨᠴᠢ | ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠢᠲᠡᠭᠡᠮᠵᠢ ᠶᠢᠨ ᠲᠡᠮᠳᠡᠭᠯᠡᠯ ᠳᠤ ᠠᠩᠬᠠᠷᠤᠯ ᠢ ᠨᠢ ᠬᠠᠨᠳᠤᠭᠤᠯᠪᠠ᠃ ᠡᠭᠦᠨ ᠤ ᠬᠠᠮᠲᠤ᠂ ᠠᠵᠤ | ᠠᠬᠤᠶᠢᠯᠠᠯ ᠳᠤ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠲᠤᠬᠠᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠳᠡᠪᠬᠢᠲᠡᠶ ᠲᠠᠨᠢᠯᠴᠠᠭᠤᠯᠵᠤ᠂ | ᠬᠤᠳᠠᠯᠳᠤᠭᠠᠴᠢᠨ ᠡᠷᠦᠬᠡ ᠶᠢ ᠬᠥᠲᠥᠯᠦᠨ ᠵᠢᠯᠣᠭᠤᠳᠴᠤ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠲᠣᠰ ᠪᠡᠶ᠎ᠡ ᠶᠢᠨ | ᠬᠤᠳᠠᠯᠳᠤᠭᠠᠨ ᠤ ᠦᠢᠯᠡ ᠠᠵᠢᠯᠯᠠᠭ᠎ᠠ ᠪᠠᠨ ᠬᠢᠵᠠᠭᠠᠷᠯᠠᠨ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠨᠡᠶᠢᠭᠡᠮ ᠤᠨ ᠬᠡᠪ ᠰᠤᠷᠲᠠᠯ ᠪᠠ ᠰᠣᠶᠣᠯ ᠤᠨ ᠠᠭᠤᠷ | ᠠᠮᠢᠰᠬᠤᠯ ᠢ ᠪᠣᠶ ᠪᠣᠯᠭᠠᠪᠠ᠃ | ᠲᠣᠰ ᠤᠳᠠᠭᠠᠨ ᠤ ᠠᠵᠢᠯᠯᠠᠭ᠎ᠠ ᠨᠢ ᠢᠦᠶ ᠴᠢᠤᠸᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠬᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠡᠵᠡᠩᠨᠡᠭᠴᠢ ᠶᠢᠨ ᠦᠨᠡᠨᠴᠢ ᠢᠲᠡᠭᠡᠮᠵᠢ ᠶᠢᠨ ᠡᠵᠡᠩᠨᠡᠯᠲᠡ ᠶᠢᠨ | ᠦᠵᠡᠯ ᠤᠬᠠᠮᠰᠠᠷ ᠪᠠ ᠥᠷᠭᠡᠨ ᠣᠯᠠᠨ ᠲᠦᠮᠡᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠳᠬᠠᠬᠤ ᠳᠤ ᠢᠳᠡᠪᠬᠢᠲᠡᠶ ᠦᠢᠯᠡᠳᠦᠯ ᠦᠵᠡᠭᠦᠯᠵᠦ᠂ | ᠢᠦᠢ ᠴᠢᠤᠸᠠᠨ ᠲᠣᠭᠤᠷᠢᠭ ᠤᠨ ᠦᠨᠡᠨᠴᠢ ᠢᠲᠡᠭᠡᠮᠵᠢᠲᠡᠶ ᠪᠠᠶᠢᠬᠤ᠂ ᠪᠣᠯᠪᠠᠰᠤᠨ ᠢᠶᠠᠷ ᠡᠵᠡᠩᠨᠡᠬᠦ᠂ ᠭᠤᠣᠯᠴᠢ ᠪᠠᠷ ᠥᠷᠢᠰᠥᠯᠳᠦᠬᠦ ᠡᠵᠡᠩᠨᠡᠯᠲᠡ ᠶᠢᠨ ᠣᠷᠴᠢᠨ | ᠲᠣᠭᠤᠷᠢᠨ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃ |