ᠲᠣᠭᠲᠠᠬᠤ ᠰᠢᠶᠠᠨ ᠣᠯᠠᠨ ᠠᠷᠭ᠎ᠠ ᠬᠡᠮᠵᠢᠶ᠎ᠡ ᠠᠪᠴᠤ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/10
      ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠪᠡ᠃     ᠡᠮᠦᠨᠡᠬᠢ ᠬᠤᠭᠤᠴᠠᠭᠠᠨ ᠳᠤ ᠥᠷᠨᠢᠭᠦᠯᠦᠭᠰᠡᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠰᠠᠭᠤᠷᠢᠨ ᠳᠡᠭᠡᠷ᠎ᠡ᠂ ᠬᠠᠤᠯᠢ ᠬᠡᠷᠡᠭᠵᠢᠭᠦᠯᠬᠦ ᠠᠵᠢᠯᠲᠠᠨ ᠲᠣᠭᠲᠠᠬᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠬᠡᠷ ᠲᠤ ᠪᠦᠬᠦᠨ ᠢ ᠬᠠᠮᠤᠷᠤᠭᠰᠠᠨ ᠬᠢᠨᠠᠯᠲᠠ ᠪᠠᠶᠢᠴᠠᠭᠠᠯᠲᠠ ᠶᠢ ᠳᠠᠬᠢᠨᠲᠠ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠯᠲᠠ ᠳᠤ ᠭᠤᠣᠯᠳᠠᠭᠤ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠬᠦ ᠪᠡᠯᠡᠳᠬᠡᠮᠵᠢ ᠲᠥᠬᠦᠭᠡᠷᠦᠮᠵᠢ᠂ ᠳᠠᠬᠢᠨ ᠬᠡᠷᠡᠭᠯᠡᠬᠦ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠨ ᠴᠡᠪᠡᠷᠯᠡᠬᠦ᠂ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠤᠨ ᠢᠳᠡᠭᠡᠨ ᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠬᠤ ᠲᠠᠪᠤᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠰᠤᠷᠭᠠᠭᠤᠯᠢ ᠶᠢᠨ ᠬᠤᠭᠤᠯᠠᠨ ᠬᠡᠷ ᠢ ᠵᠢᠯᠣᠭᠤᠳᠤᠨ ᠪᠠᠶᠢᠴᠠᠭᠠᠵᠤ᠂ ᠰᠤᠷᠭᠠᠭᠤᠯᠢ ᠶᠢᠨ ᠬᠤᠭᠤᠯᠠᠨ ᠬᠡᠷ ᠲᠤ ᠬᠤᠯᠤᠭᠠᠨ᠎ᠠ ᠶᠢᠨ ᠡᠪᠡᠳᠴᠢᠨ ᠵᠡᠷᠭᠡ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠬᠦ ᠲᠥᠬᠦᠭᠡᠷᠦᠮᠵᠢ ᠶᠢ ᠪᠦᠷᠢᠨ ᠭᠦᠢᠴᠡᠳ ᠳᠣᠭᠢᠷᠠᠭᠤᠯᠬᠤ ᠶᠢ ᠰᠢᠮᠳᠠᠭᠤᠯᠵᠤ᠂ ᠳᠠᠬᠢᠨ ᠬᠡᠷᠡᠭᠯᠡᠬᠦ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠪᠠ ᠶᠡᠭᠡ ᠬᠡᠮᠵᠢᠶᠡᠨ ᠤ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠳᠣᠲᠣᠭᠠᠳᠤ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠪᠠ᠃      ᠪᠠᠶᠢᠴᠠᠭᠠᠯᠲᠠ ᠳᠤᠮᠳᠠ ᠣᠯᠵᠤ ᠮᠡᠳᠡᠭᠰᠡᠨ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠦᠯᠢᠭᠡᠷ ᠦᠯᠡᠳᠡᠭᠰᠡᠨ ᠨᠢ ᠵᠢᠷᠤᠮᠵᠢᠯ ᠥᠬᠡᠶ᠂ ᠭᠡᠷᠡᠴᠢ ᠪᠠᠷᠢᠮᠲᠠ ᠨᠢ  ᠪᠦᠷᠢᠨ ᠪᠤᠰᠤ ᠵᠡᠷᠭᠡ ᠠᠰᠠᠭᠤᠳᠠᠯ ᠢ ᠬᠠᠤᠯᠢ ᠬᠡᠷᠡᠭᠵᠢᠭᠦᠯᠬᠦ ᠠᠵᠢᠯᠲᠠᠨ ᠴᠥᠮ ᠴᠡᠭᠴᠡᠯᠡᠨ ᠰᠠᠶᠢᠵᠢᠷᠠᠭᠤᠯᠬᠤ ᠰᠠᠨᠠᠯ ᠪᠠᠭᠤᠯᠭᠠᠭᠰᠠᠨ ᠪᠥᠭᠡᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠪᠠᠷ ᠱᠠᠭᠠᠷᠳᠠᠪᠠ᠃ ᠣᠲᠣ ᠪᠣᠯᠲᠠᠯ᠎ᠠ᠂ ᠨᠡᠶᠢᠲᠡ 19 ᠠᠰᠠᠭᠤᠳᠠᠯ ᠢ ᠵᠢᠭᠰᠠᠭᠠᠨ ᠪᠠᠶᠢᠴᠠᠭᠠᠵᠤ᠂ 18 ᠠᠰᠠᠭᠤᠳᠠᠯ ᠢ ᠨᠢᠭᠡᠨᠲᠡ ᠴᠡᠭᠴᠡᠯᠡᠨ ᠰᠠᠶᠢᠵᠢᠷᠠᠭᠤᠯᠪᠠ᠃ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠢᠶᠠᠷ ᠨᠢᠭᠡᠴᠢ ᠪᠣᠯᠭᠠᠵᠤ᠂ ᠪᠠᠶᠢᠴᠠᠭᠠᠯᠲᠠ ᠶᠢᠨ ᠡᠬᠡ ᠲᠠᠩᠰᠠ ᠪᠠᠶᠢᠭᠤᠯᠤᠨ᠂ ᠰᠢᠮᠳᠠᠭᠤᠯᠤᠨ ᠪᠠᠶᠢᠴᠠᠭᠠᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠤᠷᠭᠠᠭᠤᠯᠢ ᠶᠢᠨ ᠬᠤᠭᠤᠯᠠᠨ ᠬᠡᠷ ᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠰᠡᠷᠡᠮᠵᠢᠯᠡᠭᠦᠯᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠰᠤᠷᠭᠠᠭᠤᠯᠢ ᠶᠢ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢᠶᠠᠨ ᠲᠠᠨᠢᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠮᠡᠳᠡᠮᠡᠭᠴᠡ ᠥᠭᠡᠷᠡᠴᠢᠯᠡᠬᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ︾ ᠣᠪᠣᠷ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠤᠬᠠᠮᠰᠠᠷ ᠠᠴᠠ ᠪᠠᠨ ᠴᠢᠬᠤᠯᠠ ᠠᠵᠢᠯ ᠤᠨ ᠡᠭᠦᠷᠭᠡ ᠪᠣᠯᠭᠠᠵᠤ᠂ ᠠᠰᠠᠭᠤᠳᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ