ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ︽ᠠᠷᠠᠳ ᠲᠦᠮᠡᠨ ᠤ ᠳᠤᠮᠳᠠ ᠬᠦᠷᠬᠦ - 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ︾ ᠳᠤ
ᠨᠡᠶᠢᠲᠡᠯᠡᠭᠰᠡᠨ ᠴᠠᠭ᠄
2024/7/10
20240710-1.jpg
      ᠣᠶᠢᠷ᠎ᠠ ᠳᠤ᠂ ᠲᠦᠮᠡᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ︽ᠠᠷᠠᠳ ᠲᠦᠮᠡᠨ ᠤ ᠳᠤᠮᠳᠠ ᠬᠦᠷᠬᠦ - 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠠᠷ᠎ᠠ︾ ᠶᠢᠨ ᠠᠵᠢᠯᠯᠠᠭ᠎ᠠ ᠲᠦᠮᠡᠳ ᠵᠡᠭᠦᠨ ᠬᠤᠰᠢᠭᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠴᠡᠯᠡᠭᠡᠷ ᠲᠠᠯ᠎ᠠ ᠶᠡᠭᠡ ᠵᠡᠭᠡᠯᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠳᠤ ᠬᠦᠷᠪᠡ᠃      ᠲᠣᠭᠯᠠᠯᠲᠠ ᠶᠢᠨ ᠠᠬᠤᠢ ᠲᠠᠯᠠᠪᠠᠢ ᠳᠤ᠂ ᠤᠯᠠᠭᠠᠨᠮᠥ᠋ᠴᠢᠷ ᠤᠨ ᠭᠡᠰᠢᠭᠦᠳ ᠭᠠᠯ ᠤᠨᠲᠠᠷᠠᠭᠠᠭᠴᠢ ᠳᠤ ᠪᠥᠵᠢᠭ᠂ ᠭᠤᠴᠣᠯᠠᠯ ᠳᠠᠭᠤᠤ᠂ ᠬᠥᠭᠵᠢᠮ᠂ ᠬᠦᠮᠡᠢ ᠶᠢᠨ ᠲᠣᠭᠯᠠᠯᠲᠠ᠂ ᠮᠣᠷᠢᠨ ᠬᠤᠭᠤᠷ ᠤᠨ ᠨᠠᠶᠢᠷᠠᠯ ᠬᠥᠭᠵᠢᠮ ᠵᠡᠷᠭᠡ ᠥᠪᠡᠷᠮᠢᠴᠡ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠶᠢ ᠬᠦᠷᠭᠡᠪᠡ᠂ ᠡᠨᠡ ᠬᠤᠭᠤᠴᠠᠭᠠᠨ ᠳᠤ᠂ ᠭᠠᠯ ᠤᠨᠲᠠᠷᠠᠭᠠᠭᠴᠢ ᠪᠠᠰᠠ ᠳᠠᠭᠤᠤ ᠬᠤᠭᠤᠯᠠᠢ ᠪᠠᠨ ᠭᠠᠶᠢᠬᠠᠭᠤᠯᠤᠨ᠂ ᠤᠯᠠᠭᠠᠨᠮᠥ᠋ᠴᠢᠷ ᠤᠨ ᠭᠡᠰᠢᠭᠦᠳ ᠲᠠᠢ ᠬᠠᠮᠲᠤ ᠲᠣᠭᠯᠠᠯᠲᠠ ᠶᠢ ᠣᠷᠭᠢᠯ ᠳᠤ ᠬᠦᠷᠭᠡᠪᠡ᠃ ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ ᠴᠢᠮᠡᠬᠡᠯᠡᠭᠴᠢ ᠮᠠ ᠱᠤᠤ ᠶᠤᠸᠠᠨ ᠰᠡᠭᠦᠲᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ