ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ ᠲᠥᠪ ︽ᠠᠷᠠᠳ ᠲᠦᠮᠡᠨ ᠳᠤ ᠦᠢᠯᠡᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠪᠠᠨ ᠰᠢᠯᠢᠳᠡᠭ ᠥᠯᠢᠭᠡᠷ ᠳᠠᠭᠤᠷᠢᠶᠠᠯ︾ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2024/7/11
       ︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠠᠴᠠ ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ 10 ᠤ ᠡᠳᠦᠷ᠂ ᠨᠠᠢᠮᠠᠳᠤᠭᠠᠷ ᠬᠤᠭᠤᠴᠠᠭᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠶᠡᠭᠡ ᠬᠤᠷᠠᠯ ᠵᠢᠴᠢ 12345 ᠬᠠᠯᠠᠮᠰᠢᠯ ᠤᠳᠠᠰᠤᠨ ᠳᠤ ᠰᠢᠨ᠎ᠡ ᠴᠢᠨᠠᠷ ᠤᠨ ᠬᠦᠴᠦᠨ ᠤᠯᠭᠤᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠡᠭᠡ ᠬᠤᠷᠠᠯ ᠬᠠᠶᠢᠨᠠᠨ ᠮᠤᠵᠢ ᠶᠢᠨ ᠰᠠᠨᠶᠠ ᠬᠤᠲᠠ ᠳᠤ ᠬᠤᠷᠠᠯᠳᠤᠪᠠ᠃ ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ ᠲᠥᠪ ︽ᠠᠷᠠᠳ ᠲᠦᠮᠡᠨ ᠳᠤ ᠦᠢᠯᠡᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠪᠠᠨ ᠰᠢᠯᠢᠳᠡᠭ ᠥᠯᠢᠭᠡᠷ ᠳᠠᠭᠤᠷᠢᠶᠠᠯ︾ ᠤᠨ ᠱᠠᠩᠨᠠᠯ ᠢ ᠬᠦᠷᠲᠡᠪᠡ᠃ ᠶᠡᠭᠡ ᠬᠤᠷᠠᠯ ᠠᠴᠠ ᠪᠠᠰᠠ 2024 ᠣᠨ ᠤ ᠪᠥᠬᠦ ᠤᠯᠤᠰ ᠤᠨ 349 ᠬᠠᠯᠠᠮᠰᠢᠯ ᠤᠲᠠᠰᠤ ᠶᠢᠨ ᠠᠵᠢᠯᠯᠠᠭᠠᠨ ᠤ ᠶᠠᠰᠤ ᠴᠢᠨᠠᠷ ᠢ ᠬᠢᠨᠠᠨ ᠬᠡᠮᠵᠢᠭᠰᠡᠨ ᠬᠢᠷᠢ ᠪᠦᠲᠦᠮᠵᠢ ᠶᠢ ᠨᠡᠶᠢᠲᠡᠯᠡᠵᠦ᠂ ᠬᠥᠬᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠨᠢ ᠪᠥᠬᠦ ᠳᠡᠳ᠋ ᠮᠤᠵᠢ ᠶᠢᠨ ᠲᠠᠰ ᠤᠨ ᠬᠤᠲᠠ ᠪᠠ ᠮᠤᠵᠢ ᠶᠢᠨ ᠲᠥᠪ ᠬᠤᠲᠠ ᠶᠢᠨ ᠳᠣᠲᠣᠷ᠎ᠠ ᠳᠣᠯᠣᠳᠤᠭᠠᠷ ᠲᠤ ᠣᠷᠣᠪᠠ᠃      ᠲᠣᠰ ᠤᠳᠠᠭᠠᠨ ᠤ ᠶᠡᠭᠡ ᠬᠤᠷᠠᠯ ᠨᠢ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠠᠷᠠᠳ ᠲᠦᠮᠡᠨ ᠳᠤ ᠦᠢᠯᠡᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ︾ ᠪᠠᠷ ᠭᠤᠤᠯ ᠰᠡᠳᠦᠪ ᠪᠣᠯᠭᠠᠵᠤ᠂ ᠪᠥᠬᠦ ᠤᠯᠤᠰ ᠤᠨ ᠡᠯ᠎ᠡ ᠭᠠᠵᠠᠷ ᠤᠨ ᠡᠯ᠎ᠡ ᠱᠠᠲᠤᠨ ᠤ ᠰᠢᠯᠢᠳᠡᠭ ᠬᠠᠯᠠᠮᠰᠢᠯ ᠤᠲᠠᠰᠤ ᠶᠢᠨ ᠨᠢᠭᠡᠴᠢ ᠪᠠ 12345 ᠬᠠᠯᠠᠮᠰᠢᠯ ᠤᠲᠠᠰᠤ ᠶᠢᠨ ᠲᠤᠰᠬᠠᠶ ᠮᠡᠷᠭᠡᠵᠢᠯᠲᠡᠨ ᠢ ᠤᠷᠢᠵᠤ ᠣᠯᠠᠨ ᠲᠠᠢ ᠠᠵᠢᠯ ᠤᠨ ᠲᠤᠷᠰᠢᠯᠭ᠎ᠠ ᠪᠠᠨ ᠬᠤᠪᠢᠶᠠᠯᠴᠠᠵᠤ᠂ ᠬᠠᠯᠠᠮᠰᠢᠯ ᠤᠲᠠᠰᠤ ᠶᠢᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠨᠡᠶᠢᠲᠡᠯᠢᠭ ᠴᠢᠨᠠᠷᠲᠠᠶ ᠠᠰᠠᠭᠤᠳᠠᠯ ᠳᠤ ᠴᠢᠭᠯᠡᠭᠦᠯᠦᠨ ᠰᠢᠶ᠋ᠳᠪᠦᠷᠢᠯᠡᠬᠦ ᠲᠥᠰᠦᠯ ᠢ ᠵᠥᠪᠳᠡᠯᠴᠡᠨ ᠶᠠᠷᠢᠯᠴᠠᠬᠤ ᠶᠢᠨ ᠬᠠᠮᠲᠤ᠂ 12345 ᠬᠠᠯᠠᠮᠰᠢᠯ ᠤᠲᠠᠰᠤ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ ᠲᠤᠭᠤᠷᠢᠭ ᠰᠢᠷᠡᠭᠡᠨ ᠤ ᠶᠠᠷᠢᠶᠠᠨ ᠤ ᠲᠠᠪᠴᠠᠩ ᠡᠷᠬᠢᠯᠡᠨ᠂ 12345 ᠬᠠᠯᠠᠮᠰᠢᠯ ᠤᠲᠠᠰᠤ ᠨᠢ ᠠᠵᠤ ᠠᠬᠤᠶᠢᠯᠠᠯ ᠳᠤ ᠦᠢᠯᠡᠴᠢᠯᠡᠬᠦ ᠰᠢᠨ᠎ᠡ ᠠᠮᠢ ᠠᠬᠤᠶ ᠶᠢ ᠪᠠᠶᠠᠯᠢᠭᠵᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠬᠠᠯᠠᠮᠰᠢᠯ ᠤᠲᠠᠰᠤ ᠶᠢ ᠬᠦᠭᠵᠢᠬᠦᠯᠬᠦ ᠲᠤᠬᠠᠢ ᠬᠠᠶᠢᠨ ᠰᠦᠪᠡᠭᠴᠢᠯᠡᠵᠦ᠂ 12345 ᠬᠠᠯᠠᠮᠰᠢᠯ ᠤᠲᠠᠰᠤ ᠶᠢ ᠦᠨᠳᠦᠰᠦᠨ ᠱᠠᠲᠤᠨ ᠤ ᠵᠠᠰᠠᠯᠲᠠ ᠲᠠᠢ ᠨᠠᠩ ᠰᠠᠶᠢᠨ ᠠᠭᠤᠰᠤᠯᠴᠠᠭᠤᠯᠵᠤ᠂ ᠬᠠᠯᠠᠮᠰᠢᠯ ᠤᠲᠠᠰᠤ ᠶᠢᠨ ᠬᠥᠭᠵᠢᠯᠲᠡ ᠳᠤ ᠴᠢᠨᠠᠷ ᠰᠠᠶᠢᠲᠠᠶ ᠡᠬᠢ ᠪᠠᠶᠠᠯᠢᠭ ᠢ ᠲᠥᠪᠯᠡᠷᠡᠭᠦᠯᠪᠡ᠃      ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ ᠲᠤᠬᠢᠷᠠᠭᠤᠯᠬᠤ ᠲᠥᠪ ᠠᠴᠠ ᠲᠤᠰ ᠤᠳᠠᠭ᠎ᠠ ᠶᠢᠨ ᠱᠠᠩᠨᠠᠯ ᠬᠦᠷᠳᠡᠬᠦ ᠪᠠᠷ ᠠᠵᠠ ᠲᠣᠬᠢᠶᠠᠯ ᠪᠣᠯᠭᠠᠵᠤ᠂ ᠪᠤᠰᠤᠳ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠲᠡᠷᠢᠭᠦᠨ ᠤ ᠲᠤᠷᠰᠢᠯᠭ᠎ᠠ ᠪᠣᠯᠤᠨ ᠰᠠᠶᠢᠨ ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠠᠷᠭ᠎ᠠ ᠵᠠᠮ ᠢ ᠰᠢᠯᠤᠭᠤᠳᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠬᠥᠬᠡᠬᠤᠲᠠ ᠶᠢᠨ 12345 ᠬᠠᠯᠠᠮᠰᠢᠯ ᠤᠲᠠᠰᠤ ᠶᠢᠨ ᠦᠷᠭᠦᠯᠵᠢᠯᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ