ᠬᠤᠷᠢᠨᠭᠡᠷ ᠰᠢᠶᠠᠨ ᠠᠩᠬᠠᠳᠠᠭᠴᠢ ᠪᠦᠯᠦᠭ ᠴᠠᠬᠢᠯᠭᠠᠨ ᠴᠡᠨᠡᠭᠯᠡᠵᠦ ᠰᠣᠯᠢᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠲᠤᠷᠰᠢᠯᠲᠠ ᠶᠢᠨ ᠭᠠᠵᠠᠷ ᠣᠷᠣᠨ ᠪᠣᠯᠪᠠ
ᠨᠡᠶᠢᠲᠡᠯᠡᠭᠰᠡᠨ ᠴᠠᠭ᠄
2024/7/12
      ︵ᠰᠤᠷᠪᠤᠯᠵᠢᠯᠠᠭᠴᠢ ᠭᠤᠤ ᠼᠦᠢ ᠴᠢᠩ ᠯᠢ ᠬᠠᠢ ᠵᠧᠨ︶ ᠡᠨᠡ ᠵᠢᠯ᠂ ᠡᠳ᠋ ᠤᠨ ᠵᠠᠰᠠᠭ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠬᠠᠮᠲᠤᠷᠠᠨ ᠰᠢᠶᠠᠨ ᠤ ᠬᠡᠪᠴᠢᠶᠡᠨ ᠤ ᠴᠠᠬᠢᠯᠭᠠᠨ ᠴᠡᠨᠡᠭᠯᠡᠵᠦ ᠰᠣᠯᠢᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠪᠡ᠃ ᠡᠳ᠋ ᠤᠨ ᠵᠠᠰᠠᠭ ᠤᠨ ᠶᠠᠮᠤᠨ ᠳᠤ ᠢᠳᠡᠪᠬᠢᠲᠡᠶ ᠪᠠᠷ ᠬᠠᠷᠢᠭᠤ ᠮᠡᠳᠡᠭᠦᠯᠦᠨ ᠴᠢᠷᠮᠠᠶᠢᠵᠦ᠂ ᠭᠤᠷᠪᠠᠨ ᠶᠠᠮᠤᠨ ᠵᠥᠪᠯᠡᠯ ᠤᠨ ᠥᠷᠢᠰᠥᠯᠳᠦᠭᠡᠨ ᠤ ᠴᠢᠨᠠᠷᠲᠠᠶ ᠰᠢᠯᠭᠠᠷᠠᠭᠤᠯᠤᠯᠲᠠ ᠪᠠᠷ ᠳᠠᠮᠵᠢᠨ᠂ ᠬᠤᠷᠢᠨᠭᠡᠷ ᠰᠢᠶᠠᠨ ᠲᠦᠷᠦᠭᠦᠦ ᠪᠦᠯᠦᠭ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠳᠤ ᠠᠮᠵᠢᠯᠲᠠ ᠲᠠᠢ ᠪᠠᠷ ᠰᠣᠩᠭᠤᠭᠳᠠᠨ ᠣᠷᠣᠪᠠ᠃      ᠣᠶᠢᠯᠠᠭᠠᠭᠰᠠᠨ ᠢᠶᠠᠷ᠂ ᠲᠣᠰ ᠤᠳᠠᠭ᠎ᠠ ᠥᠪᠥᠷ ᠮᠣᠩᠭᠤᠯ ᠤᠨ ᠨᠡᠶᠢᠲᠡ 3 ᠬᠤᠰᠢᠭᠤ ᠰᠢᠶᠠᠨ ᠨᠢ ᠴᠠᠬᠢᠯᠭᠠᠨ ᠴᠡᠨᠡᠭᠯᠡᠵᠦ ᠰᠣᠯᠢᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠲᠤᠷᠰᠢᠯᠲᠠ ᠶᠢᠨ ᠭᠠᠵᠠᠷ ᠣᠷᠣᠨ ᠪᠣᠯᠵᠣ᠂ ᠬᠤᠷᠢᠨᠭᠡᠷ ᠰᠢᠶᠠᠨ ᠢ ᠭᠠᠷᠭᠠᠪᠠᠯ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤ᠂ ᠲᠦᠩᠯᠢᠶᠣᠤ ᠬᠤᠲᠠ ᠶᠢᠨ ᠵᠠᠷᠤᠳ ᠬᠤᠰᠢᠭᠤ ᠴᠤ ᠠᠩᠬᠠᠨ ᠤ ᠪᠦᠯᠦᠭ ᠲᠤᠷᠰᠢᠯᠲᠠ ᠶᠢᠨ ᠬᠤᠰᠢᠭᠤ ᠰᠢᠶᠠᠨ ᠢᠶᠠᠷ ᠠᠮᠵᠢᠯᠲᠠ ᠲᠠᠢ ᠰᠣᠩᠭᠤᠭᠳᠠᠪᠠ᠃ 2024 ᠠᠴᠠ 2026 ᠤᠨ ᠪᠣᠯᠲᠠᠯ᠎ᠠ᠂ ᠭᠤᠷᠪᠠᠨ ᠵᠢᠯ ᠤᠨ ᠳᠣᠲᠣᠷ᠎ᠠ ᠬᠤᠰᠢᠭᠤ ᠰᠢᠶᠠᠨ ᠨᠢᠭᠡᠪᠦᠷᠢ ᠬᠠᠮᠤᠭ ᠤᠨ ᠥᠨᠳᠥᠷ ᠲᠡᠭᠡᠨ 4500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠵᠤ᠂ ᠲᠤᠷᠰᠢᠯᠲᠠ ᠶᠢᠨ ᠴᠡᠭ ᠤᠨ ᠬᠤᠰᠢᠭᠤ ᠰᠢᠶᠠᠨ ᠤ ᠴᠠᠬᠢᠯᠭᠠᠨ ᠴᠡᠨᠡᠭᠯᠡᠵᠦ ᠰᠣᠯᠢᠬᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢ ᠳᠡᠮᠵᠢᠬᠦ ᠳᠤ ᠬᠡᠷᠡᠭᠯᠡᠨ᠎ᠡ᠃ ᠵᠢᠱᠢᠶ᠎ᠡ ᠦᠵᠡᠭᠦᠯᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠤᠯᠤᠰ ᠠᠴᠠ ᠬᠠᠷᠠᠯᠲᠠ ᠪᠠᠨ ᠳᠠᠪᠠᠭᠤᠯᠤᠨ ᠪᠡᠶᠡᠯᠡᠭᠦᠯᠦᠭᠰᠡᠨ ᠪᠥᠭᠡᠳ ᠡᠷᠭᠢᠨ ᠲᠣᠭᠤᠷᠢᠨ ᠤ ᠭᠠᠵᠠᠷ ᠣᠷᠣᠨ ᠳᠤ ᠵᠢᠱᠢᠶ᠎ᠡ ᠦᠵᠡᠭᠦᠯᠦᠨ ᠳᠠᠶᠢᠴᠢᠯᠠᠬᠤ ᠨᠥᠯᠥᠭᠡᠯᠡᠯ ᠲᠠᠢ ᠬᠤᠰᠢᠭᠤ ᠰᠢᠶᠠᠨ ᠳᠤ᠂ ᠳᠠᠬᠢᠨ ᠱᠠᠩᠨᠠᠬᠤ ᠪᠠᠷᠢᠮᠵᠢᠶ᠎ᠠ ᠶᠢᠨ 10% ᠪᠠᠷ ᠳᠠᠪᠠᠭᠤᠯᠤᠨ ᠪᠡᠶᠡᠯᠡᠭᠦᠯᠦᠭᠰᠡᠨ ᠱᠠᠩᠨᠠᠯ ᠣᠯᠭᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ