ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/7/12
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠯᠢ ᠵᠢᠶᠦ᠋ᠩ ᠣᠷᠣᠯᠴᠠᠵᠠᠢ       ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ ᠠᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭᠠᠨ ᠤ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠾᠧ ᠬᠠᠶ ᠳ᠋ᠦᠩ᠂ ᠯᠢ ᠵᠢᠶᠦ᠋ᠩ᠂ ᠯᠢ ᠵᠢᠶᠦ᠋ᠨ᠂ ᠭᠧ ᡁᠢ ᠮᠢᠨ᠂ ᠴᠢᠶᠣᠤ ᠢᠦᠶ ᡂᠢ᠂ ᠼᠤᠤ ᡁᠢ᠂ ᠯᠢ ᠰᠢᠶᠣᠣ ᠶᠠᠨ᠂ ᠸᠠᠩ ᠢᠦᠶ ᠲᠢᠶᠠᠨ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠪᠠ᠃      ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠪᠣᠣ ᠭᠠᠩ ᠬᠡᠯᠡᠬᠦ ᠳᠡᠭᠡᠨ᠂ ᠪᠢᠳᠡ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠬᠡᠷᠡᠭᠯᠡᠵᠦ᠂ ᠰᠢᠰᠲ᠋ᠧᠮᠲᠦ ᠰᠡᠳᠬᠢᠬᠦᠢ᠂ ᠰᠢᠨᠵᠢᠯᠡᠬᠦ ᠤᠬᠠᠭᠠᠨᠴᠢ ᠠᠷᠭ᠎ᠠ ᠪᠠᠷ ︽ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ᠂ ᠬᠢᠨᠠᠨ ᠬᠠᠮᠢᠶᠠᠷᠤᠯᠲᠠ ᠶᠢᠨ ᠰᠢᠰᠲ᠋ᠧᠮ᠂ ᠲᠦᠷᠢᠮ ᠤᠨ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ︾ ᠢ ᠪᠦᠷᠢᠨᠰᠢᠬᠦᠯᠬᠦ ᠶᠢ ᠪᠠᠷᠢᠮᠲᠠᠯᠠᠵᠤ᠂ ᠣᠷᠣᠨ ᠤ ᠲᠥᠪ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠪᠣᠣ ᠭᠠᠩ ᠬᠡᠯᠡᠬᠦ ᠳᠡᠭᠡᠨ᠂ ᠤᠯᠤᠰ ᠲᠦᠷᠦ ᠶᠢᠨ ᠪᠠᠶᠢᠭᠤᠯᠤᠯᠲᠠ ᠪᠣᠯ ᠨᠠᠮ ᠤᠨ ᠦᠨᠳᠦᠰᠦᠨ ᠴᠢᠨᠠᠷᠲᠠᠢ ᠪᠠᠶᠢᠭᠤᠯᠤᠯᠲᠠ ᠮᠥᠨ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠡᠷᠬᠢᠯᠡᠬᠦ ᠳᠤ ᠣᠷᠣᠨ ᠤ ᠲᠥᠪ ᠬᠤᠲᠠ ᠶᠢᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠣᠯ ᠰᠢᠵᠢᠮ ᠢ ᠨᠠᠮ ᠤᠨ ᠪᠠᠶᠢᠭᠤᠯᠤᠯᠲᠠ ᠳᠤᠮᠳᠠ ᠪᠦᠬᠦ ᠲᠠᠯ᠎ᠠ ᠪᠠᠷ ᠭᠦᠨᠵᠡᠭᠡᠢ ᠪᠣᠳᠠᠲᠠᠢ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢ ᠭᠤᠣᠯ ᠠᠵᠢᠯ ᠲᠠᠢ ᠵᠡᠷᠭᠡ ᠪᠠᠷ ᠶᠠᠪᠤᠭᠳᠠᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠢ᠃ ᠦᠨᠳᠦᠰᠦᠨ ᠱᠠᠳᠤ ᠶᠢ ᠶᠡᠬᠡᠪᠡᠷ ᠠᠳᠬᠤᠬᠤ ᠶᠢ ᠪᠠᠷᠢᠮᠲᠠᠯᠠᠵᠤ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠵᠦ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠠᠵᠢᠯ ᠤᠯᠤᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠺᠠᠳ᠋ᠷ ᠤᠨ ᠡᠩᠨᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ ᠪᠣᠳᠠᠲᠤ ᠠᠮᠵᠢᠯᠲᠠ ᠶᠢ ᠴᠢᠬᠤᠯᠠᠴᠢᠯᠠᠬᠤ ᠢᠯᠡ ᠲᠣᠳᠣ ᠬᠥᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷᠴᠤᠳ ᠤᠨ ᠰᠡᠳᠬᠢᠯ ᠰᠠᠨᠠᠭ᠎ᠠ ᠪᠣᠯᠤᠨ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠲᠠᠯᠪᠢᠵᠤ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠦᠨᠡᠨ ᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ