ᠥᠪᠥᠷ ᠮᠣᠩᠭᠤᠯ ᠤᠨ ᠶᠦᠨ ᠵᠦ ᠤᠶᠤᠨᠲᠤ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠬᠤᠷᠢᠨᠭᠡᠷ ᠰᠢᠨ᠎ᠡ ᠲᠣᠭᠤᠷᠢᠭ ᠲᠤ ᠨᠤᠲᠤᠭᠰᠢᠪᠠ
ᠨᠡᠶᠢᠲᠡᠯᠡᠭᠰᠡᠨ ᠴᠠᠭ᠄
2024/7/12
      ︵ᠰᠤᠷᠪᠤᠯᠵᠢᠯᠠᠭᠴᠢ ᠯᠢᠦ ᠯᠢ ᠰᠢᠶᠠ︶ ᠲᠦᠷᠦᠭᠦᠬᠡᠨ᠂ ᠥᠪᠥᠷ ᠮᠣᠩᠭᠤᠯ ᠤᠨ ᠶᠦᠨ ᠵᠦ ᠤᠶᠤᠨᠲᠤ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠬᠤᠷᠢᠨᠭᠡᠷ ᠰᠢᠨ᠎ᠡ ᠲᠣᠭᠤᠷᠢᠭ ᠲᠤ ᠵᠢᠩᠬᠢᠨᠢ ᠪᠠᠷ ᠨᠤᠲᠤᠭᠰᠢᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ 55390.216 ᠲᠡᠭᠰᠢ ᠳᠥᠷᠪᠡᠯᠵᠢᠨ ᠮᠧᠲᠷ       ︵ᠪᠠᠷᠤᠭ 83. 09 ᠮᠥ︶᠂ ᠲᠦᠯᠦᠪᠯᠡᠭᠰᠡᠨ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 82950 ᠲᠡᠭᠰᠢ ᠳᠥᠷᠪᠡᠯᠵᠢᠨ ᠮᠧᠲᠷ᠂ ᠨᠡᠶᠢᠲᠡ 2 ᠣᠶᠤᠨᠴᠢ ᠪᠤᠳᠤᠯᠭ᠎ᠠ ᠶᠢᠨ ᠲᠥᠪ᠂ ᠠᠷᠠᠴᠢᠯᠠᠵᠤ ᠬᠠᠮᠠᠭᠠᠯᠠᠬᠤ ᠠᠰᠠᠷ᠂ ᠬᠦᠴᠦᠳᠡᠯ ᠥᠭᠡᠷᠡᠴᠢᠯᠡᠬᠦ ᠥᠷᠲᠡᠭᠡ ᠵᠢᠴᠢ ᠬᠠᠮᠢᠶ᠎ᠠ ᠪᠥᠬᠦᠶ ᠬᠡᠷ ᠤᠨ ᠭᠠᠳᠠᠨᠠᠬᠢ ᠢᠵᠢ ᠪᠥᠷᠢᠳᠦᠭᠦᠯᠬᠦ ᠢᠨᠵᠧᠨᠧᠷᠢᠩ ᠢ ᠪᠥᠲᠥᠭᠡᠨ ᠪᠠᠶᠢᠭᠤᠯᠤᠨ᠎ᠠ᠃ ᠲᠥᠷᠥᠯ ᠵᠦᠢᠯ ᠢ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ ᠡᠭᠦᠨ ᠳᠤ ᠨᠢᠭᠡᠳᠦᠭᠡᠷ ᠬᠤᠭᠤᠴᠠᠭᠠᠨ ᠤ ᠲᠥᠯᠥᠪᠵᠢᠭᠦᠯᠭᠡ ᠶᠢᠨ ᠮᠠᠰᠢᠨ ᠤ ᠠᠪᠳᠠᠷ᠎ᠠ ᠶᠢᠨ ᠲᠤᠭ᠎ᠠ ᠪᠠᠷᠤᠭ 1008᠂ ᠬᠤᠶᠠᠳᠤᠭᠠᠷ ᠬᠤᠭᠤᠴᠠᠭᠠᠨ ᠤ ᠲᠥᠯᠥᠪᠵᠢᠭᠦᠯᠭᠡ ᠶᠢᠨ ᠮᠠᠰᠢᠨ ᠤ ᠠᠪᠳᠠᠷ᠎ᠠ ᠶᠢᠨ ᠲᠤᠭ᠎ᠠ ᠪᠠᠷᠤᠭ 4032᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠲᠥᠯᠥᠪᠵᠢᠭᠦᠯᠭᠡ ᠶᠢᠨ ᠮᠠᠰᠢᠨ ᠤ ᠠᠪᠳᠠᠷ᠎ᠠ ᠶᠢᠨ ᠶᠡᠷᠦᠩᠬᠡᠶ ᠲᠤᠭ᠎ᠠ ᠪᠠᠷᠤᠭ 5040 ᠪᠠᠶᠢᠵᠤ᠂ ᠪᠦᠬᠦᠯᠢ ᠴᠣᠭᠴᠠ ᠶᠢᠨ ᠲᠥᠯᠥᠪᠵᠢᠭᠦᠯᠭᠡ ᠨᠢ ︽AI ᠤᠶᠤᠨ ᠢᠶᠠᠷ ᠢᠷᠡᠭᠡᠳᠦᠶ ᠪᠠᠨ ᠵᠢᠷᠤᠭᠯᠠᠶ᠎ᠠ︾ ᠪᠠᠷ ᠭᠤᠤᠯ ᠰᠡᠳᠦᠪ ᠪᠤᠯᠭᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ