ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/15
ᠾᠧ ᠬᠠᠢ ᠳ᠋ᠦᠩ ᠬᠤᠷᠠᠯ ᠢ ᠡᠷᠬᠢᠯᠡᠵᠡᠢ       ︵ᠰᠤᠷᠪᠤᠯᠵᠢᠯᠠᠭᠴᠢ ᠯᠢᠶᠠᠩ ᠵᠢᠩ ᠱᠥ︶ 7 ᠳ᠋ᠤᠭᠠᠷ ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠡᠯ᠎ᠡ ᠭᠠᠵᠠᠷ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠪᠥᠬᠦ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠭᠰᠠᠨ ᠪᠠᠶᠢᠳᠠᠯ᠂ ᠬᠠᠶᠢᠷ ᠴᠢᠯᠠᠭᠤ ᠶᠢ ᠬᠤᠯᠠᠭᠠᠶᠢᠯᠠᠨ ᠮᠠᠯᠲᠠᠬᠤ ᠶᠢ ᠴᠡᠭᠴᠡᠯᠡᠨ ᠵᠠᠰᠠᠭᠰᠠᠨ ᠪᠠᠶᠢᠳᠠᠯ ᠪᠠ ᠬᠠᠯᠠᠭᠤᠨ ᠳᠤᠯᠠᠭᠠᠨ ᠤ ᠢᠨᠵᠧᠨᠧᠷᠢᠩ᠂ ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠴᠢᠩᠭ᠎ᠠ ᠠᠩᠬᠠᠷᠴᠤ᠂ ᠠᠰᠠᠭᠤᠳᠠᠯ ᠢ ᠡᠮᠬᠢᠯᠡᠬᠦ ᠪᠠ ᠠᠰᠠᠭᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠬᠢᠴᠠ ᠶᠢᠨ ᠪᠠᠶᠢᠳᠠᠯ ᠢ ᠴᠠᠭ ᠲᠤᠬᠠᠢ ᠳᠤᠨᠢ ᠠᠩᠬᠠᠷᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠰᠤᠳᠤᠯᠵᠤ᠂ ᠰᠢᠢᠳᠪᠦᠷᠢᠯᠡᠵᠦ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ  ᠬᠡᠷᠡᠭᠲᠡᠢ᠃ ᠨᠢᠭᠡᠨᠲᠡ ᠠᠵᠢᠯ ᠡᠬᠢᠯᠡᠭᠦᠯᠦᠭᠰᠡᠨ ᠲᠦᠷᠦᠯ ᠵᠦᠢᠯ ᠢ ᠬᠥᠮᠥᠷᠭᠡ ᠳᠤ ᠣᠷᠣᠭᠤᠯᠵᠤ ᠪᠦᠷᠢᠳᠬᠡᠯ ᠳᠤ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠬᠠᠮᠢᠶ᠎ᠠ ᠪᠦᠬᠦᠢ ᠮᠠᠲ᠋ᠧᠷᠢᠶᠠᠯ ᠢ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠣᠷᠣᠬᠤ ᠶᠣᠰᠣᠲᠠᠢ ᠶᠢ ᠨᠢ ᠪᠦᠬᠦᠨ ᠢ ᠣᠷᠣᠭᠤᠯᠵᠤ᠂ ᠪᠦᠷᠢᠳᠬᠡᠯ ᠳᠤ ᠣᠷᠣᠭᠤᠯᠬᠤ ᠶᠣᠰᠣᠲᠠᠢ ᠶᠢ ᠪᠦᠬᠦᠨ ᠢ ᠣᠷᠣᠭᠤᠯᠬᠤ ᠬᠡᠷᠡᠭᠲᠡᠢ᠃ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠪᠤᠢ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠪᠣᠯᠤᠨ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠷᠢᠯᠭ᠎ᠠ ᠶᠢᠨ ᠬᠤᠭ ᠨᠣᠪᠰᠢ ᠶᠢ ᠴᠡᠭᠴᠡᠯᠡᠨ ᠵᠠᠰᠠᠬᠤ ᠪᠠ ᠬᠠᠶᠢᠷ ᠴᠢᠯᠠᠭᠤ ᠶᠢ ᠬᠤᠯᠠᠭᠠᠶᠢᠯᠠᠨ ᠮᠠᠯᠲᠠᠬᠤ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠶᠠᠪᠤᠴᠠ ᠳᠤ ᠰᠠᠶᠢᠲᠤᠷ ᠬᠢᠨᠠᠯᠲᠠ ᠲᠠᠯᠪᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠰᠠᠶᠢᠨ ᠶᠠᠪᠤᠳᠠᠯ ᠢ ᠰᠠᠶᠢᠬᠠᠨ ᠬᠢᠵᠦ᠂  ᠪᠤᠳᠠᠳᠤ ᠶᠠᠪᠤᠳᠠᠯ ᠢ ᠪᠣᠳᠠᠲᠠᠢ ᠬᠢᠵᠦ᠂ ᠬᠠᠯᠠᠭᠤᠨ ᠳᠤᠯᠠᠭᠠᠨ ᠤ ᠢᠨᠵᠧᠨᠧᠷᠢᠩ ᠪᠣᠯᠤᠨ ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠦᠨᠡᠨᠬᠦ ᠳᠠᠭᠤᠰᠬᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ