ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 27 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ 36 ᠳ᠋ᠤᠭᠠᠷ ᠤᠳᠠᠭᠠᠨ ᠤ ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
ᠼᠦᠢ ᠵᠧᠨ ᠦ᠋ ᠬᠤᠷᠠᠯ ᠢ ᠡᠷᠬᠢᠯᠡᠪᠡ      ︵ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ︶ 7 ᠳ᠋ᠤᠭᠠᠷ ᠰᠠᠷ᠎ᠠ ᠶᠢᠨ 12 ᠤᠨ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 27 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ 36 ᠳ᠋ᠤᠭᠠᠷ ᠤᠳᠠᠭᠠᠨ ᠤ ᠲᠡᠷᠢᠭᠦᠯᠡᠭᠴᠢ ᠶᠢᠨ ᠬᠤᠷᠠᠯ ᠢ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠢ ᠡᠷᠬᠢᠯᠡᠵᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠨᠡᠨ︾ ᠰᠡᠳᠭᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ︔ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠠᠴᠠ ︽ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ︾ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠵᠢᠴᠢ ᠵᠥᠪᠯᠡᠬᠦ ᠲᠥᠰᠦᠯ ᠢ ᠬᠢᠨᠠᠨ ᠵᠥᠪᠯᠡᠵᠦ ᠪᠠᠲᠤᠯᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ