ᠵᠠᠭᠤᠨ ᠨᠡᠷᠡᠲᠦ ᠵᠢᠷᠤᠭᠴᠢᠨ ᠬᠦᠬᠡᠬᠤᠲᠠ ᠶᠢ ᠵᠢᠷᠤᠭᠯᠠᠪᠠ
ᠨᠡᠶᠢᠲᠡᠯᠡᠭᠰᠡᠨ ᠴᠠᠭ᠄
2024/7/15
 
071501.jpg
      ᠤᠶᠢᠷ᠎ᠠ ᠶᠢᠨ ᠡᠳᠦᠷ᠂ ᠬᠥᠬᠡᠬᠤᠲᠠ ᠶᠢᠨ ᠤᠷᠠᠨ ᠵᠢᠷᠤᠭ ᠤᠨ ᠣᠷᠳᠣᠨ ︵ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ︶ ᠠᠴᠠ ︽ᠵᠠᠭᠤᠨ ᠨᠡᠷᠡᠲᠦ ᠵᠢᠷᠤᠭᠴᠢᠨ ᠬᠦᠬᠡᠬᠤᠲᠠ ᠶᠢ ᠵᠢᠷᠤᠭᠯᠠᠬᠤ︾  ᠬᠡᠭᠡᠷ᠎ᠡ ᠭᠠᠷᠴᠤ ᠵᠢᠷᠤᠵᠤ ᠪᠦᠲᠦᠭᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠢᠭᠤᠯᠵᠤ ᠥᠷᠨᠢᠭᠦᠯᠪᠡ᠃      ᠤᠷᠠᠯᠢᠭᠴᠢᠳ ᠤᠷᠢᠳ ᠬᠤᠵᠢᠳ ᠬᠤᠷᠢᠨᠭᠡᠷ ᠰᠢᠶᠠᠨ ᠤ ᠴᠧᠨ ᠯᠢ ᠶᠣᠣ ᠤᠰᠤᠨ ᠴᠥᠭᠦᠷᠥᠮ᠂ ᠬᠥᠬᠡᠬᠤᠲᠠ ᠶᠢᠨ ᠴᠡᠯᠡᠭᠡᠷ ᠲᠠᠯ᠎ᠠ ᠳᠤ ᠬᠦᠷᠴᠦ᠂ 3 ᠡᠳᠦᠷ ᠤᠨ ᠬᠤᠭᠤᠴᠠᠭ᠎ᠠ ᠲᠠᠢ ᠬᠡᠭᠡᠷ᠎ᠡ ᠭᠠᠷᠴᠤ ᠵᠢᠷᠤᠵᠤ ᠪᠦᠲᠦᠭᠡᠬᠦ ᠠᠵᠢᠯᠯᠠᠭ᠎ᠠ ᠥᠷᠨᠢᠭᠦᠯᠵᠦ᠂ ᠣᠯᠠᠨ ᠢᠶᠠᠷ ᠢᠶᠠᠨ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠣᠶᠢᠯᠠᠭᠠᠵᠤ᠂ ᠤᠮᠠᠷᠠᠲᠤ ᠬᠢᠯᠢ ᠶᠢᠨ ᠰᠣᠶᠣᠯ ᠢᠷᠭᠡᠨᠰᠢᠯ ᠲᠡᠤᠬᠡ ᠶᠢ ᠮᠡᠳᠡᠷᠡᠬᠦ ᠶᠢᠨ ᠬᠠᠮᠲᠤ ᠵᠢᠷᠤᠭ ᠤᠨ ᠪᠢᠷ ᠢᠶᠠᠷ ᠬᠥᠬᠡᠬᠤᠲᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠵᠢᠷᠤᠭᠯᠠᠪᠠ᠃      ᠰᠤᠷᠪᠤᠯᠵᠢᠯᠠᠭᠴᠢ ᠸᠠᠩ ᠵᠦᠩ ᠵᠸᠦ ᠰᠡᠭᠦᠲᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ