ᠬᠥᠬᠡᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠠᠵᠤ ᠦᠢᠯᠡᠰᠵᠢᠯᠲᠡ ᠶᠢᠨ ᠨᠥᠬᠦᠪᠥᠷᠢ ᠪᠡᠯᠡ ᠮᠥᠩᠭᠦ ᠶᠢ 645 ᠲᠦᠮᠡᠨ ᠲᠥᠭᠦᠷᠢᠭ ᠬᠦᠷᠲᠡᠪᠡ
ᠨᠡᠶᠢᠲᠡᠯᠡᠭᠰᠡᠨ ᠴᠠᠭ᠄
2024/7/16
       ︵ᠰᠤᠷᠪᠤᠯᠵᠢᠯᠠᠭᠴᠢ ᠰᠦᠩ ᠰᠢᠶᠠᠩ ᠬᠤᠸᠠ︶ ᠤᠶᠢᠷ᠎ᠠ ᠶᠢᠨ ᠡᠳᠦᠷ᠂ ᠬᠥᠬᠡᠬᠤᠲᠠ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠠᠵᠤ ᠦᠢᠯᠡᠰᠵᠢᠯᠲᠡ ᠶᠢᠨ ᠨᠥᠬᠦᠪᠥᠷᠢ ᠪᠡᠯᠡ ᠮᠥᠩᠭᠦ ᠶᠢ 645 ᠲᠦᠮᠡᠨ ᠲᠥᠭᠦᠷᠢᠭ ᠬᠦᠷᠲᠡᠵᠦ᠂ ᠬᠤᠷᠢᠨᠬᠡᠷ ᠰᠢᠶᠠᠨ᠂ ᠦᠴᠤᠸᠠᠨ ᠰᠢᠶᠠᠨ᠂ ᠴᠢᠩ ᠱᠦᠢ ᠾᠧ ᠰᠢᠶᠠᠨ ᠤ ᠬᠡᠷᠡᠭᠵᠢᠭᠦᠯᠦᠭᠰᠡᠨ ᠠᠵᠤ ᠦᠢᠯᠡᠰᠵᠢᠯᠲᠡ ᠶᠢᠨ 4 ᠲᠥᠷᠥᠯ ᠵᠦᠢᠯ ᠢ ᠳᠡᠮᠵᠢᠬᠦ ᠳᠤ ᠬᠡᠷᠡᠭᠯᠡᠪᠡ᠃      ᠡᠭᠦᠨ ᠳᠤ᠄ 380 ᠲᠦᠮᠡᠨ ᠲᠥᠭᠦᠷᠢᠭ ᠢ ᠬᠤᠷᠢᠨᠭᠡᠷ ᠰᠢᠶᠠᠨ ᠤ ᠴᠠᠨ᠎ᠠ ᠴᠡᠴᠡᠭ ᠳᠠᠷᠢᠬᠤ ᠪᠠ ᠴᠢᠴᠠᠷᠭᠠᠨ᠎ᠠ ᠳᠠᠷᠢᠬᠤ ᠬᠤᠶᠠᠷ ᠲᠥᠷᠥᠯ ᠵᠦᠢᠯ ᠢ ᠳᠡᠮᠵᠢᠬᠦ ᠳᠤ ᠬᠡᠷᠡᠭᠯᠡᠵᠦ᠂ ᠴᠠᠨ᠎ᠠ ᠴᠡᠴᠡᠭ ᠤᠨ ᠰᠠᠭᠤᠷᠢᠨ ᠭᠠᠵᠠᠷ ᠢ 600 ᠮᠥ ᠰᠢᠨ᠎ᠡ ᠪᠠᠷ ᠪᠠᠶᠢᠭᠤᠯᠵᠤ᠂ ᠴᠢᠴᠠᠷᠭᠠᠨ᠎ᠠ ᠵᠤᠬᠢᠶᠠᠨ ᠪᠠᠶᠢᠭᠤᠯᠵᠤ ᠳᠠᠷᠢᠬᠤ ᠰᠠᠭᠤᠷᠢᠨ ᠭᠠᠵᠠᠷ᠂ ᠬᠠᠷᠢᠴᠠᠭᠤᠯᠤᠭᠰᠠᠨ ᠲᠤᠷᠰᠢᠯᠲᠠ ᠶᠢᠨ ᠦᠷᠡᠵᠢᠭᠦᠯᠦᠨ ᠪᠤᠶᠢᠵᠢᠭᠤᠯᠬᠤ ᠲᠣᠭᠤᠷᠢᠭ᠂ ᠬᠦᠢᠲᠡᠨ ᠢᠶᠠᠷ ᠰᠣᠷᠭᠤᠭ ᠬᠠᠳᠠᠭᠠᠯᠠᠬᠤ ᠬᠥᠮᠥᠷᠭᠡ 1᠂ ᠦᠷ᠎ᠡ ᠰᠠᠯᠭᠠᠬᠤ ᠲᠠᠰᠤᠭ 1 ᠲᠠᠰᠤᠯᠭ᠎ᠠ᠂ ᠬᠠᠪᠰᠤᠷᠤᠮᠵᠢ ᠬᠡᠷ ᠪᠠᠶᠢᠰᠢᠩ 1 ᠲᠠᠰᠤᠯᠭ᠎ᠠ ᠵᠢᠴᠢ ᠦᠢᠯᠡᠳᠪᠦᠷᠢᠯᠡᠯ ᠤᠨ ᠲᠥᠬᠦᠭᠡᠷᠦᠮᠵᠢ ᠬᠤᠳᠠᠯᠳᠤᠨ ᠠᠪᠬᠤ ᠪᠠᠷ ᠲᠥᠯᠥᠪᠯᠡᠵᠦ ᠪᠣᠶ︔ 175 ᠲᠦᠮᠡᠨ ᠲᠥᠭᠦᠷᠢᠭ ᠢ ᠴᠢᠩ ᠱᠦᠶ ᠾᠧ ᠰᠢᠶᠠᠨ ᠤ ᠪᠥᠸᠧ ᠢᠦᠶ ᠠᠵᠤ ᠠᠬᠤᠶ ᠶᠢᠨ ᠣᠶ ᠶᠢᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠬᠦ ᠳᠤ ᠬᠡᠷᠡᠭᠯᠡᠵᠦ᠂ 1 ᠬᠠᠶᠢᠲᠠᠩ ᠵᠢᠮᠢᠰ ᠤᠨ ᠠᠵᠤ ᠠᠬᠤᠢ ᠶᠢᠨ ᠤᠢ ᠶᠢᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠲᠦᠯᠦᠪᠯᠡᠵᠦ ᠪᠠᠶᠢᠨ᠎ᠠ︔ 90 ᠲᠦᠮᠡᠨ ᠲᠥᠭᠦᠷᠢᠭ ᠨᠢ ᠦᠴᠤᠸᠠᠨ ᠰᠢᠶᠠᠨ ᠤ ᠬᠤᠨᠴᠢᠷ ᠤᠨ ᠴᠠᠢ ᠵᠢᠴᠢ ᠬᠠᠶᠠᠭᠳᠠᠮᠠᠯ ᠪᠣᠳᠠᠰ ᠢ ᠪᠣᠯᠪᠠᠰᠤᠷᠠᠭᠤᠯᠤᠨ ᠠᠰᠢᠭᠯᠠᠬᠤ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠯᠲᠡ ᠬᠢᠭᠡᠳ ᠳᠡᠯᠭᠡᠷᠡᠭᠦᠯᠬᠦ ᠲᠥᠷᠥᠯ ᠵᠦᠢᠯ ᠢ ᠳᠡᠮᠵᠢᠬᠦ ᠳᠤ ᠬᠡᠷᠡᠭᠯᠡᠵᠦ᠂ 100 ᠮᠦ ᠬᠤᠨᠴᠢᠷ ᠳᠠᠷᠢᠵᠤ᠂ ᠬᠠᠳᠠᠭᠠᠯᠠᠬᠤ ᠬᠥᠮᠥᠷᠭᠡ ᠶᠢ ᠰᠢᠨ᠎ᠡ ᠪᠠᠷ ᠪᠠᠶᠢᠭᠤᠯᠬᠤ᠂ ᠦᠢᠯᠡᠳᠪᠦᠷᠢ ᠶᠢᠨ ᠲᠠᠰᠤᠭ ᠪᠠ ᠴᠢᠬᠢ ᠪᠤᠶᠢᠵᠢᠭᠤᠯᠬᠤ ᠰᠠᠷᠠᠪᠴᠢ ᠶᠢ ᠦᠭᠡᠷᠡᠴᠢᠯᠡᠬᠦ ᠪᠠᠷ ᠲᠥᠯᠥᠪᠯᠡᠵᠦ ᠪᠣᠶ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ