ᠣᠷᠣᠨ ᠤ ᠲᠥᠪ ᠬᠤᠲᠠ ᠶᠢᠨ ᠡᠪᠡᠰᠦᠨ ᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠦᠭᠰᠡᠨ ᠬᠦᠭᠵᠢᠯᠲᠡ ᠲᠦᠷᠭᠡᠨ ᠯᠠᠪᠳᠠᠭᠤᠨ ᠪᠠᠶᠢᠨ᠎ᠠ
ᠨᠡᠶᠢᠲᠡᠯᠡᠭᠰᠡᠨ ᠴᠠᠭ᠄
2024/7/16
       ︵ᠰᠤᠷᠪᠤᠯᠵᠢᠯᠠᠭᠴᠢ ᠶᠠᠩ ᠼᠠᠢ ᠰᠢᠶᠠ︶ ᠰᠤᠷᠪᠤᠯᠵᠢᠯᠠᠭᠴᠢ 7 ᠳ᠋ᠤᠭᠠᠷ ᠰᠠᠷ᠎ᠠ ᠶᠢᠨ 13 ᠤ ᠡᠳᠦᠷ ᠶᠠᠪᠤᠭᠳᠠᠭᠰᠠᠨ ᠴᠡᠯᠡᠭᠡᠷ ᠲᠠᠯ᠎ᠠ ᠣᠯᠠᠨ ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ ᠠᠴᠠ ᠣᠢᠯᠠᠭᠠᠭᠰᠠᠨ ᠢᠶᠠᠷ᠂ 2023 ᠤᠨ ᠪᠣᠯᠲᠠᠯ᠎ᠠ᠂ ᠬᠥᠬᠡᠬᠤᠲᠠ ᠨᠢᠭᠡᠨᠲᠡ 145 ᠲᠦᠮᠡᠨ ᠮᠦ ᠴᠢᠨᠠᠷ ᠰᠠᠢᠲᠠᠢ ᠲᠡᠵᠢᠭᠡᠯ ᠡᠪᠡᠰᠦᠨ ᠤ ᠰᠠᠭᠤᠷᠢᠨ ᠭᠠᠵᠠᠷ ᠢ ᠪᠠᠢᠭᠤᠯᠵᠤ᠂ ᠡᠨᠡ ᠵᠢᠯ 160 ᠲᠦᠮᠡᠨ ᠮᠦ ᠪᠣᠯᠲᠠᠯ᠎ᠠ ᠥᠷᠭᠡᠳᠭᠡᠵᠦ᠂ 400 ᠲᠦᠮᠡᠨ ᠲᠤᠨ ᠴᠢᠨᠠᠷ ᠰᠠᠢᠲᠠᠢ ᠲᠡᠵᠢᠭᠡᠯ ᠡᠪᠡᠰᠦ ᠪᠣᠷᠳᠤᠭ᠎ᠠ ᠬᠠᠩᠭᠠᠵᠤ᠂ ᠲᠡᠵᠢᠭᠡᠯ ᠡᠪᠡᠰᠦᠨ ᠤ ᠥᠪᠡᠷ ᠢᠶᠠᠨ ᠬᠠᠩᠭᠠᠬᠤ ᠨᠣᠷᠮ᠎ᠠ ᠶᠢ 80% ᠠᠴᠠ ᠳᠡᠭᠡᠭᠰᠢ ᠲᠣᠭᠲᠠᠪᠤᠷᠢᠵᠢᠭᠤᠯᠵᠤ᠂ ᠡᠭᠦᠨ ᠤ ᠬᠠᠮᠲᠤ 170 ᠲᠦᠮᠡᠨ ᠮᠦ ᠬᠤᠵᠢᠷᠯᠢᠭ ᠭᠠᠵᠠᠷ ᠢ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠪᠣᠯᠭᠠᠵᠤ᠂ 2025 ᠤᠨ ᠪᠣᠯᠲᠠᠯ᠎ᠠ᠂ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠢ 300 ᠲᠦᠮᠡᠨ ᠮᠦ ᠠᠴᠠ ᠳᠡᠭᠡᠭᠰᠢ ᠪᠣᠯᠭᠠᠬᠤ ᠪᠠᠷ ᠴᠢᠷᠮᠠᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 12 ᠳ᠋ᠦᠩᠰᠢᠭᠤᠷ ᠮᠦ ᠨᠤᠲᠤᠭ ᠪᠡᠯᠴᠢᠭᠡᠷ ᠲᠠᠢ ᠪᠠᠶᠢᠵᠤ᠂ ᠪᠥᠬᠦ ᠤᠯᠤᠰ ᠤᠨ ᠨᠤᠲᠤᠭ ᠪᠡᠯᠴᠢᠭᠡᠷ ᠤᠨ ᠲᠠᠯᠠᠪᠠᠶ ᠶᠢᠨ 27.2% ᠢ ᠡᠵᠡᠯᠡᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ᠂ ᠠᠮᠢ ᠠᠬᠤᠶ ᠶᠢᠨ ᠰᠢᠰᠲ᠋ᠧᠮ ᠤᠨ ᠵᠠᠰᠠᠯᠲᠠ ᠶᠢ ᠠᠬᠢᠭᠤᠯᠬᠤ ᠳᠤ᠂ ︽ᠡᠪᠡᠰᠦ︾ ᠪᠣᠯ ᠬᠠᠮᠤᠭ ᠤᠨ ᠴᠢᠬᠤᠯᠠ ᠵᠠᠩᠭᠢᠯᠠᠭ᠎ᠠ ᠶᠢᠨ ᠨᠢᠭᠡ ᠪᠣᠯᠤᠨ᠎ᠠ᠃ 2023 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠢ 26.5 ᠲᠦᠮᠡᠨ ᠮᠦ ᠳᠤ ᠬᠦᠷᠴᠦ᠂ ᠵᠢᠯ ᠤᠨ ᠰᠠᠶᠢᠨ ᠡᠭᠦᠯᠳᠡᠷ ᠤᠨ ᠡᠪᠡᠰᠦᠨ ᠦᠷ᠎ᠡ ᠪᠤᠶᠢᠵᠢᠭᠤᠯᠬᠤ ᠴᠢᠳᠠᠪᠤᠷᠢ 500 ᠲᠦᠮᠡᠨ ᠺᠢᠯᠣᠭ᠍ᠷᠠᠮ ᠢ ᠳᠠᠪᠠᠵᠤ᠂ ᠬᠥᠮᠦᠨ ᠤ ᠬᠦᠴᠦ ᠪᠠᠷ ᠡᠪᠡᠰᠦ ᠪᠣᠷᠳᠤᠭ᠎ᠠ 2172 ᠲᠦᠮᠡᠨ ᠮᠥ ᠳᠠᠷᠢᠵᠤ᠂ ᠡᠯ᠎ᠡ ᠲᠥᠷᠥᠯ ᠤᠨ ᠲᠡᠵᠢᠭᠡᠯ ᠡᠪᠡᠰᠦᠨ ᠤ ᠭᠠᠷᠤᠯᠲᠠ 7543 ᠲᠦᠮᠡᠨ ᠲᠣᠨ ᠳᠤ ᠬᠦᠷᠴᠦ᠂ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ 802.1 ᠳ᠋ᠦᠩᠰᠢᠭᠤᠷ ᠲᠥᠭᠦᠷᠢᠭ ᠲᠤ ᠬᠦᠷᠴᠦ᠂ ᠭᠠᠷᠤᠯᠲᠠ᠂ ᠦᠢᠯᠡᠳᠬᠦᠨ ᠤ ᠥᠷᠲᠡᠭ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ᠃      ᠣᠶᠢᠷ᠎ᠠ ᠶᠢᠨ ᠵᠢᠯ ᠤᠳ ᠲᠤ᠂ ᠬᠥᠬᠡᠬᠤᠲᠠ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠡᠬᠢ ᠡᠭᠦᠰᠦᠯ ᠠᠴᠠ ᠨᠢ ᠠᠳᠬᠤᠵᠤ᠂ ᠪᠥᠬᠦ ᠬᠡᠯᠬᠢᠶ᠎ᠡ ᠶᠢᠨ ᠪᠠᠶᠢᠷᠢᠰᠢᠭᠤᠯᠤᠯᠲᠠ ᠪᠠᠷ᠂ ᠨᠢᠭᠡ ᠰᠠᠭᠤᠷᠢ ᠡᠪᠡᠰᠦ ᠶᠢ ᠨᠢᠭᠡ ᠴᠣᠮᠣ ᠰᠦ ᠪᠤᠯᠭᠠᠬᠤ ᠡᠷᠡᠯᠬᠡᠭᠯᠡᠨ ᠤᠷᠤᠭᠰᠢᠯᠠᠯᠲᠠ ᠶᠢ ᠥᠩᠭᠡᠷᠡᠭᠡᠵᠦ᠂ ᠰᠦ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ᠂ ᠳᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠪᠡ᠃      ᠣᠳᠣᠬᠠᠨ ᠳᠤ᠂ ᠬᠥᠬᠡᠬᠤᠲᠠ ᠨᠢᠭᠡᠨᠲᠡ ᠮᠧᠩ ᠼᠤᠤ᠂ ᠵᠧᠩ ᠱᠢ ᠵᠡᠷᠭᠡ ᠳᠡᠭᠡᠳᠦ ᠳᠤᠤᠷᠠᠳᠤ ᠤᠷᠤᠰᠬᠠᠯ ᠤᠨ 300 ᠭᠠᠷᠤᠶ ᠨᠠᠷᠠᠲᠤ ᠡᠪᠡᠰᠦᠨ ᠤ ᠠᠵᠤ ᠠᠬᠤᠶᠢᠯᠠᠯ ᠢ ᠪᠤᠶᠢᠵᠢᠭᠤᠯᠪᠠ᠃ 2023 ᠣᠨ ᠳᠤ ᠬᠥᠬᠡᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠶᠡᠷᠦᠩᠬᠡᠢ ᠦᠢᠯᠡᠳᠬᠦᠨ ᠤ ᠥᠷᠲᠡᠭ 85 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠬᠢ ᠠᠴᠠ 2.58 ᠳᠠᠬᠢᠨ ᠨᠡᠮᠡᠭᠳᠡᠵᠦ᠂ ᠡᠨᠡ ᠵᠢᠯ 100 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠮᠵᠢ ᠲᠠᠢ ᠪᠠᠶᠢᠨ᠎ᠠ᠃ ᠡᠭᠦᠨ ᠤ ᠬᠠᠮᠲᠤ᠂ ᠬᠥᠬᠡᠬᠤᠲᠠ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 32 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ 85 ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠲᠥᠪᠯᠡᠷᠡᠭᠦᠯᠵᠦ᠂ ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ ᠬᠥᠮᠥᠷᠭᠡ ᠶᠢ ᠪᠠᠶᠢᠭᠤᠯᠵᠤ᠂ ᠡᠭᠦᠯᠳᠡᠷ ᠪᠤᠶᠢᠵᠢᠭᠤᠯᠬᠤ᠂ ᠦᠷᠡᠵᠢᠭᠦᠯᠬᠦ ᠶᠢ ᠥᠷᠭᠡᠳᠬᠡᠬᠦ᠂ ᠲᠠᠷᠢᠵᠤ ᠪᠤᠶᠢᠵᠢᠭᠤᠯᠬᠤ᠂ ᠡᠳ᠋ᠰᠢᠭᠦᠯᠬᠦ᠂ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠡᠪᠡᠰᠦᠨ ᠤ ᠦᠢᠯᠡᠰ ᠤᠨ ︽ᠪᠥᠬᠦ ᠠᠵᠤ ᠦᠢᠯᠡᠰ ᠤᠨ ᠬᠡᠯᠬᠢᠶ᠎ᠡ︾ ᠶᠢᠨ ᠰᠢᠨ᠎ᠡ ᠶᠢ ᠡᠭᠦᠳᠦᠨ ᠬᠥᠭᠵᠢᠭᠦᠯᠬᠦ ᠰᠢᠰᠲ᠋ᠧᠮᠵᠢ ᠶᠢ ᠨᠢᠭᠡᠨᠲᠡ ᠪᠦᠷᠢᠯᠳᠦᠭᠦᠯᠪᠡ᠃      ᠬᠥᠬᠡᠬᠤᠲᠠ ᠡᠪᠡᠰᠦᠨ ᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ︽ᠮᠠᠯ ᠪᠡᠯᠴᠢᠭᠡᠷ ᠢ ᠨᠢᠭᠡ ᠴᠤᠭᠴᠠᠵᠢᠭᠤᠯᠬᠤ︾ ᠱᠠᠩᠨᠠᠨ ᠬᠥᠬᠢᠭᠦᠯᠬᠦ ᠲᠣᠭᠲᠠᠴᠠ ᠶᠢ ᠬᠡᠷᠡᠭᠵᠢᠭᠦᠯᠵᠦ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ᠂ ᠴᠢᠨᠠᠷ ᠰᠠᠶᠢᠲᠠᠢ ᠦᠷ᠎ᠡ ᠶᠢ ᠪᠤᠶᠢᠵᠢᠭᠤᠯᠬᠤ ᠵᠡᠷᠭᠡ ᠲᠠᠯ᠎ᠠ ᠪᠠᠷ ᠪᠡᠯᠡ ᠮᠥᠩᠭᠦᠨ ᠤ ᠳᠡᠮᠵᠢᠯᠭᠡ ᠦᠵᠡᠭᠦᠯᠵᠦ᠂ 2023 ᠣᠨ ᠳᠤ ᠲᠡᠵᠢᠭᠡᠯ ᠡᠪᠡᠰᠦ ᠳᠠᠷᠢᠬᠤ ᠨᠥᠬᠦᠪᠥᠷᠢ 2 ᠳ᠋ᠦᠩᠰᠢᠭᠤᠷ ᠰᠢᠬᠠᠮ ᠲᠥᠭᠦᠷᠢᠭ ᠲᠠᠷᠬᠠᠭᠠᠪᠠ᠃      ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠠᠭ ᠡᠭᠦᠳᠦᠨ ᠪᠠᠶᠢᠭᠤᠯᠵᠤ ᠪᠠᠶᠢᠭ᠎ᠠ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ᠂ ᠡᠪᠡᠰᠦᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠨᠠᠷᠢᠯᠢᠭ ᠣᠨᠣᠴᠠᠲᠠᠶ ᠪᠠᠷ ᠬᠢᠨᠠᠨ ᠲᠣᠭᠲᠠᠭᠠᠬᠤ ᠪᠠ ᠦᠨᠡᠯᠡᠬᠦ᠂ ᠡᠪᠡᠰᠦᠨ ᠦᠷ᠎ᠡ ᠶᠢᠨ ᠴᠢᠨᠠᠷ ᠢ ᠡᠭᠦᠳᠦᠨ ᠦᠢᠯᠡᠳᠬᠦ ᠪᠠ ᠥᠨᠳᠥᠷ ᠪᠦᠲᠦᠮᠵᠢᠲᠡᠶ ᠦᠷ᠎ᠡ ᠪᠤᠶᠢᠵᠢᠭᠤᠯᠬᠤ ᠵᠡᠷᠭᠡ ᠭᠤᠤᠯᠯᠠᠬᠤ ᠬᠦᠷᠢᠶᠡᠨ ᠳᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠮᠦ ᠪᠦᠷᠢ ᠶᠢᠨ ᠤᠨᠠᠯᠲᠠ᠂ ᠪᠦᠳᠦᠭᠦᠯᠢᠭ ᠤᠭᠤᠷᠠᠭ ᠤᠨ ᠠᠭᠤᠯᠤᠭᠳᠠᠴᠠ᠂ ᠬᠠᠷᠢᠴᠠᠩᠭᠤᠶ ᠪᠠᠷ ᠲᠡᠵᠢᠭᠡᠬᠦ ᠥᠷᠲᠡᠭ ᠵᠡᠷᠭᠡ ᠴᠢᠬᠤᠯᠠ ᠭᠦᠢᠴᠡᠳᠬᠡᠯ ᠲᠤᠭ᠎ᠠ ᠶᠢᠨ ᠲᠠᠯ᠎ᠠ ᠪᠠᠷ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠬᠦ ᠪᠠᠷ ᠴᠢᠷᠮᠠᠶᠢᠨ᠎ᠠ᠃ ᠠᠮᠢ ᠠᠬᠤᠶ ᠶᠢ ᠰᠡᠷᠭᠦᠭᠡᠬᠦ ᠦᠷ᠎ᠡ᠂ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠪᠦᠲᠦᠭᠡᠭᠳᠡᠬᠦᠨ᠂ ᠲᠠᠷᠢᠮᠠᠯ ᠪᠡᠯᠴᠢᠭᠡᠷ ᠢ ᠰᠠᠶᠢᠵᠢᠷᠠᠭᠤᠯᠬᠤ᠂ ᠠᠮᠢ ᠠᠬᠤᠶ ᠶᠢ ᠰᠡᠷᠭᠦᠭᠡᠬᠦ ᠵᠢᠱᠢᠶ᠎ᠡ ᠦᠵᠡᠭᠦᠯᠬᠦ ᠢᠨᠵᠧᠨᠧᠷᠢᠩ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠤᠮᠳᠠ᠂ ᠬᠡᠷᠡᠭᠯᠡᠭᠡᠨ ᠤ ᠠᠬᠤᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ︾ ᠤᠨ ᠪᠥᠲᠥᠭᠡᠨ ᠪᠠᠶᠢᠭᠤᠯᠤᠯᠲᠠ ᠳᠤ ᠬᠥᠬᠡᠬᠤᠲᠠ ᠶᠢᠨ ︽ᠡᠪᠡᠰᠦᠨ ᠤ ᠦᠢᠯᠡᠰ ᠤᠨ ᠥᠯᠢᠭᠡᠷ ᠳᠠᠭᠤᠷᠢᠶᠠᠯ︾ ᠢ ᠬᠠᠩᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ