ᠾᠧ ᠬᠠᠢ ᠳ᠋ᠦᠩ ᠳᠤᠮᠳᠠᠳᠤ ᠤᠯᠤᠰ ᠤᠨ ᠲᠡᠮᠦᠷ ᠵᠠᠮ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠧᠢ ᠭᠦᠸᠧ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/17
      ︵ᠳᠠᠳᠤᠯᠭ᠎ᠠ ᠶᠢᠨ ᠰᠤᠷᠪᠤᠯᠵᠢᠯᠠᠭᠴᠢ ᠷᠥᠸᠧ ᠭᠦ᠋︶ 7 ᠳ᠋ᠤᠭᠠᠷ ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ ᠤᠯᠤᠰ ᠤᠨ ᠲᠡᠮᠦᠷ ᠵᠠᠮ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠧᠢ ᠭᠦᠸᠧ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠳᠤᠮᠳᠠᠳᠤ ᠤᠯᠤᠰ ᠤᠨ ᠲᠡᠮᠦᠷ ᠵᠠᠮ ᠤᠨ ᠪᠡᠯᠡ ᠣᠷᠣᠭᠤᠯᠤᠯᠲᠠ ᠶᠢᠨ ᠪᠦᠯᠦᠭᠯᠡᠯ ᠠᠴᠠ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠶᠠᠭ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠢᠳᠡᠪᠬᠢᠲᠡᠢ ᠪᠦᠳᠦᠭᠡᠨ ᠪᠠᠶᠢᠭᠤᠯᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠤᠳᠠ ᠶᠢᠨ ᠰᠢᠨᠡᠴᠢᠯᠡᠯᠲᠡ᠂ ᠭᠠᠵᠠᠷ ᠳᠣᠣᠷᠠᠬᠢ ᠲᠡᠮᠦᠷ ᠵᠠᠮ ᠤᠨ ᠱᠤᠭᠤᠮ ᠳᠠᠭᠠᠤ ᠶᠢᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ ᠥᠭᠴᠦ᠂ ᠪᠦᠬᠦ ᠲᠠᠯ᠎ᠠ ᠶᠢᠨ ᠪᠠᠲᠤᠯᠠᠭ᠎ᠠ ᠬᠠᠩᠭᠠᠨ᠎ᠠ ᠭᠡᠵᠡᠢ᠃      ᠸᠧᠢ ᠭᠦᠸᠧ ᠳᠤᠮᠳᠠᠳᠤ ᠤᠯᠤᠰ ᠤᠨ ᠲᠡᠮᠦᠷ ᠵᠠᠮ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠤᠳᠤᠬᠠᠨ ᠤ ᠬᠦᠭᠵᠢᠯᠲᠡ ᠶᠢᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠲᠡᠮᠦᠷ ᠵᠠᠮ ᠤᠨ ᠪᠡᠯᠡ ᠣᠷᠣᠭᠤᠯᠤᠯᠲᠠ ᠶᠢᠨ ᠪᠦᠯᠦᠭᠯᠡᠯ ᠬᠥᠬᠡᠬᠤᠲᠠ ᠲᠠᠢ ᠬᠤᠳᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠬᠤᠶᠢᠰᠢᠳᠠ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠳᠤ ᠨᠡᠩ ᠢᠳᠡᠪᠬᠢᠲᠡᠢ ᠠᠭᠤᠰᠤᠯᠴᠠᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃      ᠬᠤᠳᠠ ᠶᠢᠨ ᠤᠳᠤᠷᠢᠳᠤᠯᠭ᠎ᠠ ᠸᠠᠩ ᠰᠢᠨ ᠢᠦᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ