ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠤᠨ ᠬᠥᠬᠡᠬᠤᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/7/17
      ︵ᠰᠤᠷᠪᠤᠯᠵᠢᠯᠠᠭᠴᠢ ᠰᠦᠩ ᠰᠢᠶᠠᠩ ᠬᠤᠸᠠ︶ 7 ᠳ᠋ᠤᠭᠠᠷ ᠰᠠᠷ᠎ᠠ ᠶᠢᠨ 16 ᠤ ᠡᠳᠦᠷ᠂ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠤᠨ ᠬᠥᠬᠡᠬᠤᠲᠠ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠠᠵᠢᠯ ᠡᠬᠢᠯᠡᠭᠦᠯᠪᠡ᠃      ᠳᠤᠮᠳᠠᠳᠤ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠬᠤᠳᠠᠯᠳᠤᠭᠠᠨ ᠤ ᠮᠠᠰᠢᠨ ᠲᠡᠷᠭᠡᠨ ᠤ ᠪᠦᠯᠦᠭᠯᠡᠯ ᠪᠣᠯᠤᠭᠰᠠᠨ ᠤ ᠬᠤᠪᠢ ᠳᠤ᠂ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡᠨ ᠤ ᠪᠦᠯᠦᠭᠯᠡᠯ ᠨᠢ ︽ᠠᠯᠺᠣᠣᠯ ᠤᠰᠤᠲᠥ᠋ᠷᠥᠭᠴᠢ+ᠴᠠᠬᠢᠯᠭᠠᠨ ᠬᠥᠳᠡᠯᠭᠡᠭᠦᠷ︾ ᠤᠨ ᠬᠤᠶᠠᠷ ᠶᠡᠭᠡ ᠭᠤᠣᠯ ᠮᠡᠷᠭᠡᠵᠢᠯ ᠤᠨ ᠱᠤᠭᠤᠮ ᠢ ᠪᠠᠷᠢᠮᠲᠠᠯᠠᠵᠤ᠂ ᠵᠢᠢ ᠯᠢ ᠶᠢᠨ ᠮᠧᠲ᠋ᠢᠯ ᠠᠯᠺᠣᠤᠯ ᠤᠨ ᠬᠦᠷᠢᠶᠡᠨ ᠳᠠᠬᠢ 20 ᠵᠢᠯ ᠰᠢᠬᠠᠮ ᠮᠡᠷᠭᠡᠵᠢᠯ ᠤᠨ ᠬᠤᠷᠠᠮᠳᠤᠭᠤᠯᠤᠯ ᠳᠤ ᠲᠦᠰᠢᠭᠯᠡᠨ᠂ ᠠᠯᠺᠤᠤᠯ ᠤᠰᠤᠲᠥ᠋ᠷᠥᠭᠴᠢ ᠶᠢᠨ ᠴᠠᠬᠢᠯᠭᠠᠨ ᠬᠥᠳᠡᠯᠭᠡᠭᠦᠷᠲᠦ ᠤᠨᠴᠠᠯᠢᠭ ᠲᠠᠢ ᠪᠠᠶᠢᠯᠳᠤᠬᠤ ᠪᠣᠳᠣᠯᠭ᠎ᠠ ᠶᠢᠨ ᠮᠡᠷᠭᠡᠵᠢᠯ ᠤᠨ ᠱᠤᠭᠤᠮ ᠢ ᠪᠠᠶᠢᠭᠤᠯᠵᠤ᠂ ᠤᠳᠤ ᠨᠢᠭᠡᠨᠲᠡ ᠪᠦᠬᠦ ᠲᠠᠯ᠎ᠠ ᠪᠠᠷ ᠠᠵᠤ ᠦᠢᠯᠡᠰᠵᠢᠭᠦᠯᠦᠨ ᠡᠵᠡᠩᠨᠡᠵᠦ᠂ ᠦᠢᠯᠡᠳᠬᠦᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠨᠠᠷ᠂ ᠠᠵᠤ ᠠᠬᠤᠢ ᠶᠢᠨ ᠴᠢᠨᠠᠷ᠂ ᠬᠡᠷᠡᠭᠯᠡᠭᠡᠨ ᠳᠤ ᠵᠣᠬᠢᠴᠠᠬᠤ ᠴᠢᠨᠠᠷ᠂ ᠨᠠᠶᠢᠳᠠᠪᠤᠷᠢᠲᠤ ᠴᠢᠨᠠᠷ ᠢ ᠭᠦᠢᠴᠡᠳ ᠰᠢᠯᠭᠠᠨ ᠪᠠᠲᠤᠯᠠᠪᠠ᠃ ᠤᠯᠠᠮᠵᠢᠯᠠᠯᠲᠤ ᠴᠠᠶᠢᠶ᠋ᠢᠦ ᠲᠣᠰᠣᠨ ᠤ ᠬᠦᠨᠳᠦ ᠠᠴᠢᠶᠠᠨ ᠤ ᠮᠠᠰᠢᠨ ᠲᠠᠢ ᠬᠠᠷᠢᠴᠠᠭᠤᠯᠪᠠᠯ᠂ ᠶᠤᠸᠠᠨ ᠴᠧᠩ ᠠᠯᠺᠤᠤᠯ ᠤᠰᠤᠲᠥ᠋ᠷᠥᠭᠴᠢ ᠶᠢᠨ ᠬᠦᠨᠳᠦ ᠠᠴᠢᠶᠠᠨ ᠤ ᠮᠠᠰᠢᠨ ᠤ ᠲᠦᠯᠡᠰᠢ ᠶᠢᠨ ᠥᠪᠡᠷ ᠤᠨ ᠥᠷᠲᠡᠭ ᠢ ᠬᠠᠮᠤᠭ ᠤᠨ ᠥᠨᠳᠥᠷ ᠲᠡᠭᠡᠨ 32% ᠢᠶᠠᠷ ᠪᠠᠭᠠᠰᠬᠠᠵᠤ᠂ ᠺᠢᠯᠣᠮᠧᠲᠷ ᠪᠦᠷᠢ ᠳᠤ ᠬᠠᠮᠤᠭ ᠤᠨ ᠠᠷᠪᠢᠨ ᠳᠠᠭᠠᠨ 1 ᠲᠥᠭᠦᠷᠢᠭ ᠠᠷᠪᠢᠯᠠᠨ᠎ᠠ᠂ ᠲᠡᠷᠡ ᠮᠥᠷᠲᠡᠭᠡᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠠᠵᠢᠯᠯᠠᠬᠤ ᠪᠠᠶᠢᠳᠠᠯ ᠤᠨ ᠬᠡᠷᠡᠭᠴᠡᠭᠡ ᠶᠢ ᠪᠦᠷᠢᠮᠦᠰᠦᠨ ᠬᠠᠩᠭᠠᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠨᠢ ᠨᠣᠭᠤᠭᠠᠨ ᠠᠯᠺᠣᠣᠯ ᠦᠢᠯᠡᠳᠬᠦ᠂ ᠮᠧᠲ᠋ᠢᠯ ᠠᠯᠺᠣᠣᠯ ᠨᠡᠮᠡᠬᠦ᠂ ᠠᠯᠺᠣᠣᠯ ᠴᠠᠬᠢᠯᠭᠠᠨ ᠮᠠᠰᠢᠨ ᠲᠡᠷᠭᠡ ᠭᠤᠷᠪᠠ ᠶᠢ ᠨᠢᠭᠡ ᠴᠣᠭᠴᠠᠵᠢᠭᠤᠯᠤᠨ ᠬᠠᠮᠵᠢᠯᠴᠠᠨ ᠬᠦᠭᠵᠢᠬᠦ ᠶᠢ ᠠᠬᠢᠭᠤᠯᠵᠤ᠂ ᠠᠯᠺᠤᠤᠯ᠂ ᠲᠡᠷᠭᠡ᠂ ᠪᠠᠷᠠᠭ᠎ᠠ᠂ ᠥᠷᠲᠡᠭᠡ᠂ ᠮᠥᠩᠭᠦᠨ ᠭᠦᠢᠯᠭᠡᠭᠡᠨ ᠵᠡᠷᠭᠡ ᠶᠢ ᠨᠢᠭᠡ ᠴᠤᠭᠴᠠᠵᠢᠭᠤᠯᠤᠨ ᠵᠢᠷᠤᠵᠤ ᠲᠥᠯᠥᠪᠯᠡᠬᠦ ᠪᠠᠷ ᠳᠠᠮᠵᠢᠭᠤᠯᠤᠨ᠂ ᠣᠯᠠᠨ ᠡᠰᠢᠵᠢᠭᠰᠡᠨ ᠪᠣᠬᠢᠷᠲᠤᠯ ᠥᠬᠡᠶ ᠮᠧᠲ᠋ᠢᠯ ᠠᠯᠺᠣᠤᠯ ᠤᠨ ᠲᠡᠭᠡᠭᠡᠪᠦᠷᠢ ᠶᠢᠨ ᠬᠦᠴᠦᠨ ᠤ ᠠᠮᠢ ᠠᠬᠤᠶ ᠶᠢ ᠪᠠᠶᠢᠭᠤᠯᠤᠨ᠎ᠠ᠃      ᠲᠣᠰ ᠤᠳᠠᠭᠠᠨ ᠤ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠡᠵᠡᠯᠡᠬᠦ ᠲᠠᠯᠠᠪᠠᠶ ᠨᠢ ᠪᠠᠷᠤᠭ 150 ᠮᠥ ᠪᠠᠶᠢᠵᠤ᠂ ᠥᠪᠥᠷ ᠮᠣᠩᠭᠤᠯ ᠤᠨ ᠵᠢᠶᠠᠨ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠪᠠᠶᠢᠭᠤᠯᠵᠤ᠂ ᠠᠯᠺᠣᠣᠯ ᠤᠰᠤᠲᠥ᠋ᠷᠥᠭᠴᠢ ᠶᠢᠨ ᠴᠠᠬᠢᠯᠭᠠᠨ ᠬᠥᠳᠡᠯᠭᠡᠭᠦᠷᠲᠦ ᠲᠡᠷᠭᠡ ᠪᠠᠷ ᠭᠤᠤᠯ ᠪᠣᠯᠭᠠᠭᠰᠠᠨ ᠰᠢᠨ᠎ᠡ ᠡᠨᠧᠷᠭᠢ ᠶᠢᠨ ᠲᠤᠰᠬᠠᠶ ᠲᠡᠷᠭᠡ ᠦᠢᠯᠡᠳᠬᠦ ᠰᠠᠭᠤᠷᠢᠨ ᠭᠠᠵᠠᠷ ᠪᠠ ᠨᠢᠭᠡ ᠶᠡᠷᠦᠩᠬᠡᠶᠢᠯᠡᠭᠰᠡᠨ ᠡᠨᠧᠷᠭᠢ ᠶᠢᠨ ᠥᠷᠲᠡᠭᠡ ᠶᠢ ᠪᠥᠲᠥᠭᠡᠨ ᠪᠠᠶᠢᠭᠤᠯᠤᠨ᠎ᠠ᠃ ᠡᠭᠦᠨ ᠤ ᠬᠠᠮᠲᠤ᠂ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠤᠨ ᠬᠠᠷᠢᠶᠠᠨ ᠤ ᠣᠶᠤᠨᠴᠢ ᠰᠦᠯᠵᠢᠶᠡᠨ ᠤ ᠲᠡᠭᠡᠭᠡᠪᠦᠷᠢ ᠶᠢᠨ ᠬᠦᠴᠦᠨ ᠤ ᠲᠠᠪᠴᠠᠩ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠡᠷᠭᠡ ᠬᠥᠰᠬᠡ ᠦᠢᠯᠡᠳᠬᠦ᠂ ᠡᠵᠡᠩᠨᠡᠬᠦ᠂ ᠦᠢᠯᠡᠴᠢᠯᠡᠬᠦ ᠵᠢᠴᠢ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠪᠥᠬᠦ ᠠᠵᠤ ᠦᠢᠯᠡᠰ ᠤᠨ ᠠᠮᠢ ᠠᠬᠤᠶ ᠶᠢ ᠲᠦᠷᠭᠡᠪᠴᠢᠯᠡᠨ ᠪᠣᠶ ᠪᠣᠯᠭᠠᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ