ᠬᠥᠬᠡᠬᠤᠲᠠ ᠶᠢᠨ ᠠᠩᠬᠠᠳᠠᠭᠴᠢ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥᠯ ᠵᠦᠢᠯ —︽ᠵᠠᠯᠠᠭᠤᠴᠤᠳ ᠤᠨ ᠨᠡᠶᠢᠭᠡᠮ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠡᠬᠢᠯᠡᠪᠡ
ᠨᠡᠶᠢᠲᠡᠯᠡᠭᠰᠡᠨ ᠴᠠᠭ᠄
2024/7/18
      ᠬᠥᠬᠡᠬᠤᠲᠠ ᠶᠢᠨ ᠠᠩᠬᠠᠳᠠᠭᠴᠢ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠲᠥᠷᠥᠯ ᠵᠦᠢᠯ —︽ᠵᠠᠯᠠᠭᠤᠴᠤᠳ ᠤᠨ ᠨᠡᠶᠢᠭᠡᠮ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠡᠬᠢᠯᠡᠪᠡ︵ᠰᠤᠷᠪᠤᠯᠵᠢᠯᠠᠭᠴᠢ ᠶᠠᠩ ᠼᠠᠢ ᠰᠢᠶᠠ︶ 7 ᠳ᠋ᠤᠭᠠᠷ ᠰᠠᠷ᠎ᠠ ᠶᠢᠨ 17 ᠤ ᠡᠳᠦᠷ ᠬᠥᠬᠡᠬᠤᠲᠠ ᠶᠢᠨ ᠠᠩᠬᠠᠳᠠᠭᠴᠢ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠥᠷᠥᠯ ᠵᠦᠢᠯ — ︽ᠵᠠᠯᠠᠭᠤᠴᠤᠳ ᠤᠨ ᠨᠡᠢᠭᠡᠮ ᠲᠣᠭᠤᠷᠢᠭ︾ ᠤᠨ ᠠᠵᠢᠯ ᠡᠬᠢᠯᠡᠪᠡ᠃    ︽ᠵᠠᠯᠠᠭᠤᠴᠤᠳ ᠤᠨ ᠨᠡᠶᠢᠭᠡᠮ ᠲᠣᠭᠤᠷᠢᠭ︾ ᠤᠨ ᠲᠥᠷᠥᠯ ᠵᠦᠢᠯ ᠪᠣᠯ ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂       ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠪᠠ ︽ᠠᠵᠤ ᠦᠢᠯᠡᠰ ᠤᠨ ᠴᠢᠳᠠᠪᠤᠷᠢᠲᠠᠨ ᠢ ᠲᠠᠲᠠᠬᠤ︾ ᠲᠥᠪᠬᠢᠨᠡᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠬᠦᠴᠦᠲᠡᠶ ᠢᠯᠡᠷᠡᠯ ᠮᠥᠨ᠃ ᠣᠷᠣᠨ ᠰᠠᠭᠤᠴᠠ ᠪᠠ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ᠂ ᠣᠷᠣᠨ ᠤ ᠲᠥᠪ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠶᠢ ᠳᠡᠭᠡᠭᠰᠢᠯᠡᠭᠦᠯᠬᠦ᠂ ᠨᠡᠩ ᠴᠢᠩᠭ᠎ᠠ ᠠᠵᠤ ᠦᠢᠯᠡᠰ ᠢ ᠨᠠᠶᠢᠳᠠᠪᠤᠷᠢᠵᠢᠭᠤᠯᠬᠤ ᠪᠠ ᠨᠡᠩ ᠰᠠᠶᠢᠨ ᠴᠢᠳᠠᠪᠤᠷᠢᠲᠠᠨ ᠢ ᠲᠦᠪᠯᠡᠷᠡᠭᠦᠯᠬᠦ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃      ᠲᠣᠰ ᠲᠥᠷᠥᠯ ᠵᠦᠢᠯ ᠪᠣᠯ ᠤᠷᠤᠨ ᠤ ᠲᠥᠪ ᠬᠤᠲᠠ ᠠᠴᠠ ᠬᠥᠬᠡᠬᠤᠲᠠ ᠳᠤ ᠦᠯᠡᠳᠡᠭᠰᠡᠨ ᠪᠠ ᠢᠷᠡᠭᠰᠡᠨ ᠴᠢᠳᠠᠪᠤᠷᠢᠲᠠᠨ ᠳᠤ ᠲᠤᠬᠢᠷᠠᠭᠤᠯᠵᠤ ᠲᠥᠪᠯᠡᠷᠡᠭᠦᠯᠦᠨ ᠪᠠᠶᠢᠭᠤᠯᠵᠤ ᠪᠠᠶᠢᠭ᠎ᠠ ᠦᠨ᠎ᠡ ᠬᠠᠩᠰᠢ ᠨᠢ ᠳᠣᠤᠷ᠎ᠠ᠂ ᠶᠠᠰᠤ ᠴᠢᠨᠠᠷ ᠨᠢ ᠰᠠᠶᠢᠨ᠂ ᠣᠷᠴᠢᠨ ᠲᠣᠭᠤᠷᠢᠨ ᠨᠢ ᠰᠠᠶᠢᠬᠠᠨ᠂ ᠢᠵᠢ ᠪᠦᠷᠢᠳᠦᠭᠦᠯᠦᠭᠰᠡᠨ ᠨᠢ ᠪᠦᠷᠢᠨ ᠬᠡᠳᠦ ᠲᠣᠮᠣ ᠬᠡᠯᠪᠡᠷᠢ ᠶᠢᠨ ᠨᠡᠶᠢᠭᠡᠮ ᠲᠣᠭᠤᠷᠢᠭ ᠪᠣᠯᠤᠨ᠎ᠠ᠃ ᠲᠥᠷᠥᠯ ᠵᠦᠢᠯ ᠨᠢ ︽ᠡᠳ᠋ ᠬᠥᠷᠥᠩᠭᠡ ᠶᠢ ᠤᠯᠤᠰ ᠤᠨ ᠥᠮᠴᠢᠯᠡᠯ ᠪᠣᠯᠭᠠᠬᠤ᠂ ᠬᠠᠮᠢᠶᠠᠷᠤᠯᠲᠠ ᠶᠢ ᠵᠠᠬ᠎ᠠ ᠳᠡᠯᠭᠡᠭᠦᠷᠴᠢᠯᠡᠬᠦ︾ ᠨᠡᠭᠡᠭᠡᠨ ᠬᠥᠭᠵᠢᠭᠦᠯᠬᠦ ᠵᠠᠭᠪᠤᠷ ᠢᠶᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ︽ᠪᠤᠭᠴᠤ ᠪᠠᠨ ᠡᠭᠦᠷᠴᠦ ᠢᠷᠡᠭᠡᠳ᠂  ᠭᠡᠷ ᠡᠷᠦᠬᠡ ᠪᠤᠰᠬᠠᠨ᠂ ᠨᠢᠭᠡ ᠬᠤᠲᠠ ᠶᠢ ᠬᠠᠮᠲᠤ ᠪᠠᠷ ᠪᠠᠶᠢᠭᠤᠯᠬᠤ︾ ᠬᠦᠰᠡᠯ ᠵᠡᠭᠦᠳᠦ ᠶᠢ ᠪᠡᠶᠡᠯᠡᠭᠦᠯᠦᠨ᠎ᠡ᠃      ᠲᠥᠷᠥᠯ ᠵᠦᠢᠯ ᠤᠨ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 210 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠭᠤᠷᠪᠠᠨ ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 65 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 7724 ᠢᠵᠢ ᠬᠡᠷ ᠪᠠᠶᠢᠰᠢᠩ ᠪᠥᠲᠥᠭᠡᠨ ᠪᠠᠶᠢᠭᠤᠯᠤᠨ᠎ᠠ᠃ ᠢᠵᠢ ᠪᠦᠷᠢᠳᠦᠭᠦᠯᠬᠦ ᠲᠥᠯᠥᠪᠵᠢᠭᠦᠯᠭᠡ ᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠬᠤᠳᠠᠯᠳᠤᠭᠠᠨ ᠤ ᠵᠡᠭᠡᠯᠢ ᠲᠣᠭᠤᠷᠢᠭ᠂ ᠬᠠᠮᠲᠤᠪᠠᠷ ᠡᠳ᠋ᠯᠡᠬᠦ ᠣᠷᠣᠨ ᠵᠠᠶ ᠪᠠᠭᠲᠠᠨ᠎ᠠ᠃ ᠬᠤᠲᠠ ᠶᠢᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠣᠷᠣᠨ ᠰᠠᠭᠤᠴᠠ ᠪᠠ ᠠᠮᠢᠳᠤᠷᠠᠯ ᠤᠨ ᠠᠷᠭ᠎ᠠ ᠮᠠᠶ᠋ᠢᠭ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠡᠯ᠎ᠡ ᠵᠦᠢᠯ ᠤᠨ ᠬᠡᠯᠪᠡᠷᠢ ᠪᠠᠷ ᠵᠠᠯᠠᠭᠤᠴᠤᠳ ᠤᠨ ᠰᠠᠨᠠᠯ ᠢ ᠬᠤᠷᠢᠶᠠᠬᠤ ᠶᠢᠨ ᠬᠠᠮᠲᠤ ᠤᠶᠤᠲᠠᠳ ᠢ ᠤᠷᠢᠵᠤ ᠭᠡᠷ ᠳᠣᠲᠣᠷᠠᠬᠢ ᠵᠢᠷᠤᠭ ᠲᠥᠯᠥᠪᠯᠡᠭᠡ ᠳᠤ ᠣᠷᠣᠯᠴᠠᠭᠤᠯᠬᠤ ᠪᠣᠯᠤᠨ᠎ᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠠᠵᠢᠯ ᠡᠬᠢᠯᠡᠬᠦ ᠶᠣᠰᠣᠯᠠᠯ ᠳᠤ ᠣᠷᠣᠯᠴᠠᠵᠤ᠂ ᠬᠤᠲᠠ ᠶᠢᠨ ᠤᠳᠤᠷᠢᠳᠤᠯᠭ᠎ᠠ ᠯᠢ ᠰᠢᠶᠣᠣ ᠶᠠᠨ ᠪᠠᠶᠠᠷ ᠤᠨ ᠦᠭᠡ ᠬᠡᠯᠡᠵᠦ᠂ ᠬᠤᠲᠠ ᠶᠢᠨ ᠤᠳᠤᠷᠢᠳᠤᠯᠭ᠎ᠠ ᠸᠠᠩ ᠢᠦᠢ ᠲᠢᠶᠠᠨ ᠵᠢᠴᠢ ᠬᠤᠯᠪᠣᠭᠳᠠᠯ ᠪᠦᠬᠦᠢ ᠨᠢᠭᠡᠴᠢ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ