ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/19
ᠾᠧ ᠬᠠᠢ ᠳ᠋ᠦᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ       ︵ᠰᠤᠷᠪᠤᠯᠵᠢᠯᠠᠭᠴᠢ ᠶᠠᠩ ᠼᠠᠢ ᠰᠢᠶᠠ︶ 7 ᠳ᠋ᠤᠭᠠᠷ ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠬᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠵᠥᠪᠯᠡᠯ ᠤᠨ ᠠᠩᠬᠠᠳᠤᠭᠠᠷ ᠤᠳᠠᠭ᠎ᠠ᠂ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠂ ︽ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ       ︵ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠨ ᠰᠤᠷᠤᠯᠴᠠᠵᠤ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠮᠥᠩᠭᠦᠨ ᠭᠦᠢᠯᠭᠡᠭᠡ ᠶᠢ ᠰᠤᠷᠤᠯᠴᠠᠵᠤ᠂ ᠮᠥᠩᠭᠦᠨ ᠭᠦᠢᠯᠭᠡᠭᠡ ᠶᠢ ᠣᠶᠢᠯᠠᠭᠠᠵᠤ᠂ ᠮᠥᠩᠭᠦᠨ ᠭᠦᠢᠯᠭᠡᠭᠡ ᠶᠢ ᠬᠡᠷᠡᠭᠯᠡᠬᠦ ᠬᠡᠷᠡᠭᠲᠡᠢ᠃ ᠲᠦᠭᠰᠢᠭᠦᠷᠢ ᠶᠢ ᠰᠡᠷᠭᠡᠶᠢᠯᠡᠬᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠬᠥᠭᠵᠢᠯᠲᠡ ᠶᠢ ᠠᠬᠢᠭᠤᠯᠬᠤ ᠭᠤᠣᠯ ᠱᠤᠭᠤᠮ ᠤᠨ ᠲᠣᠭᠤᠷᠢᠨ ᠳᠤ᠂ ᠮᠥᠩᠭᠦᠨ ᠭᠦᠢᠯᠭᠡᠭᠡᠨ ᠤ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠯᠠᠪᠳᠠᠭᠤᠨ ᠢᠶᠠᠷ ᠰᠢᠢᠳᠪᠦᠷᠢᠯᠡᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠰ ᠬᠤᠳᠠ ᠶᠢᠨ ᠮᠥᠩᠭᠦᠨ ᠭᠦᠢᠯᠭᠡᠭᠡᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠣᠷᠣᠨ ᠤ ᠲᠥᠪ ᠬᠤᠳᠠ ᠶᠢᠨ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ᠂ ᠣᠷᠣᠨ ᠤ ᠲᠥᠪ ᠬᠤᠳᠠ ᠶᠢᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠬᠡᠪᠴᠢᠶ᠎ᠡ ᠶᠢ ᠪᠤᠵᠠᠭᠠᠶᠢᠷᠠᠭᠤᠯᠬᠤ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠵᠡᠷᠭᠡ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠦᠷ᠎ᠡ ᠪᠦᠲᠦᠮᠵᠢ ᠤᠯᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭ᠎ᠠ ᠠᠩᠬᠠᠷᠴᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠮᠥᠩᠭᠦᠨ ᠭᠦᠢᠯᠭᠡᠭᠡᠨ ᠤ ᠺᠠᠳ᠋ᠷ ᠴᠢᠳᠠᠪᠤᠷᠢᠲᠠᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠮᠥᠩᠭᠦᠨ ᠭᠦᠢᠯᠭᠡᠭᠡᠨ ᠤ ᠠᠵᠢᠯ ᠤᠨ ᠱᠠᠭᠠᠷᠳᠠᠯᠭ᠎ᠠ ᠳᠤ ᠵᠣᠬᠢᠴᠠᠬᠤ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠵᠢᠴᠢ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ