ᠣᠶᠢᠷ᠎ᠠ ᠶᠢᠨ ᠡᠳᠦᠷ ᠭᠦᠭᠡᠬᠤᠲᠠ ᠶᠢᠨ ᠬᠤᠶᠠᠳᠤᠭᠠᠷ ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠠᠮᠵᠢᠯᠲᠠᠲᠠᠢ | ᠶᠠᠪᠤᠭᠳᠠᠵᠤ᠂ 526 ᠵᠠᠯᠠᠭᠤ ᠤᠷᠠᠴᠤᠳ ᠣᠷᠣᠨ ᠤ ᠲᠥᠪ ᠬᠤᠳᠠ ᠳᠤ ᠴᠤᠭᠯᠠᠷᠠᠨ ᠤᠷ᠎ᠠ ᠮᠡᠷᠭᠡᠵᠢᠯ ᠢᠶᠠᠨ ᠮᠥᠷᠥᠶᠢᠴᠡᠭᠰᠡᠨ ᠪᠠᠶᠢᠨ᠎ᠠ᠃ | ᠲᠤᠰ ᠤᠷᠤᠯᠳᠤᠭᠠᠨ ᠨᠢ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 6 ᠤᠷᠤᠯᠳᠤᠭᠠᠨ ᠤ ᠲᠠᠯᠠᠪᠤᠷ ᠲᠤ | ᠵᠡᠷᠭᠡ ᠪᠠᠷ ᠶᠠᠪᠤᠭᠳᠠᠵᠤ᠂ ︽ᠭᠦᠭᠡᠬᠤᠳᠠ ᠳᠤ ᠬᠤᠷᠠᠨ ᠴᠤᠭᠯᠠᠷᠠᠨ ᠤᠷ᠎ᠠ ᠮᠡᠷᠭᠡᠵᠢᠯ ᠢᠶᠠᠷ ᠢᠷᠡᠭᠡᠳᠦᠢ ᠪᠠᠨ ᠴᠣᠭᠴᠠᠯᠠᠶ᠎ᠠ︾ ᠭᠡᠬᠦ ᠭᠤᠣᠯ ᠰᠡᠳᠦᠪ ᠤᠨ | ᠲᠣᠭᠤᠷᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠷ᠎ᠡ ᠪᠦᠲᠦᠭᠡᠯ᠂ ᠤᠷ᠎ᠠ ᠮᠡᠷᠭᠡᠵᠢᠯ ᠲᠠᠢ ᠴᠢᠳᠠᠪᠤᠷᠢᠲᠠᠨ ᠤ ᠴᠤᠭ | ᠵᠢᠪᠬᠤᠭ᠎ᠠ ᠶᠢ ᠲᠥᠪᠯᠡᠷᠡᠩᠭᠦᠢ ᠳᠡᠯᠭᠡᠨ ᠦᠵᠡᠭᠦᠯᠵᠦ᠂ ᠪᠦᠭᠦ ᠬᠤᠳᠠ ᠶᠢᠨ ᠥᠨᠳᠥᠷ ᠲᠦᠪᠰᠢᠨ ᠪᠦᠬᠦᠢ ᠤᠷ᠎ᠠ ᠮᠡᠷᠭᠡᠵᠢᠯ ᠲᠠᠢ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠵᠡᠢ᠃ ᠤᠷᠤᠯᠳᠤᠭᠠᠨ ᠳᠤ ︽ᠳᠡᠯᠡᠬᠡᠢ ᠶᠢᠨ ᠤᠷᠤᠯᠳᠤᠭᠠᠨ ᠤ ᠰᠢᠯᠭᠠᠷᠠᠭᠤᠯᠤᠯᠲᠠ︾᠂ | ︽ᠤᠯᠤᠰ ᠤᠨ ᠤᠷᠤᠯᠳᠤᠭᠠᠨ ᠤ ᠰᠢᠯᠢᠳᠡᠭ ᠰᠢᠯᠭᠠᠷᠠᠭᠤᠯᠤᠯᠲᠠ︾᠂ ︽16 ᠠᠵᠤ ᠦᠢᠯᠡᠰ ᠤᠨ ᠬᠡᠯᠬᠢᠶ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠵᠢᠴᠢ ᠣᠨᠴᠠᠯᠢᠭᠲᠤ ᠠᠵᠤ ᠦᠢᠯᠡᠰ︾᠂ ︽ᠠᠵᠢᠯ ᠲᠦᠷᠦᠯ ᠤᠨ ᠣᠨᠴᠠᠯᠢᠭ︾ ᠵᠡᠷᠭᠡ ᠲᠦᠷᠪᠡᠨ ᠶᠡᠭᠡ ᠲᠦᠷᠦᠯ ᠤᠨ 33 ᠤᠷᠤᠯᠳᠤᠭᠠᠨ ᠤ ᠲᠦᠷᠦᠯ ᠢ | ᠲᠣᠬᠢᠷᠠᠭᠤᠯᠵᠤ᠂ ᠪᠦᠭᠦ ᠬᠤᠳᠠ ᠶᠢᠨ 16 ᠲᠥᠯᠥᠭᠡᠯᠡᠭᠴᠢᠳ ᠤᠨ ᠠᠩᠭᠢ ᠶᠢᠨ 526 ᠣᠷᠣᠯᠴᠠᠭᠴᠢ ᠤᠷᠤᠯᠳᠤᠭᠠᠨ ᠳᠤ ᠣᠷᠣᠯᠴᠠᠵᠠᠢ᠃ | ᠣᠶᠢᠯᠠᠭᠠᠭᠰᠠᠨ ᠢᠶᠠᠷ᠂ ᠲᠣᠰ ᠤᠷᠤᠯᠳᠤᠭᠠᠨ ᠪᠣᠯ ᠭᠦᠭᠡᠬᠤᠲᠠ ᠶᠢᠨ ᠣᠲᠣ ᠪᠤᠯᠲᠠᠯ᠎ᠠ ᠡᠷᠭᠢᠯᠡᠵᠦ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ | ᠵᠦᠢᠯ ᠢᠶᠠᠷ ᠬᠠᠮᠤᠭ ᠤᠨ ᠣᠯᠠᠨ ᠨᠢᠭᠡ ᠤᠳᠠᠭᠠᠨ ᠤ ᠪᠦᠭᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠤᠷᠤᠯᠳᠤᠭᠠᠨ ᠪᠣᠯᠣᠨ᠎ᠠ᠃ ᠲᠤᠰ ᠤᠷᠤᠯᠳᠤᠭᠠᠨ ᠢᠶᠠᠷ᠂ ᠭᠦᠭᠡᠬᠤᠲᠠ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠦᠷ᠎ᠡ ᠪᠦᠲᠦᠭᠡᠯ᠂ | ᠰᠢᠨ᠎ᠡ ᠵᠠᠭᠪᠤᠷ ᠢ ᠭᠦᠢᠴᠡᠳ ᠳᠡᠯᠭᠡᠨ ᠦᠵᠡᠭᠦᠯᠵᠦ᠂ ᠥᠷᠭᠡᠨ ᠣᠯᠠᠨ ᠬᠥᠮᠥᠰ ᠤᠨ ᠤᠷ᠎ᠠ ᠴᠢᠳᠠᠪᠤᠷᠢ ᠰᠤᠷᠬᠤ᠂ ᠡᠷᠳᠡᠮ ᠴᠢᠳᠠᠪᠤᠷᠢ ᠪᠠᠨ ᠳᠠᠪᠲᠠᠨ | ᠪᠤᠯᠪᠠᠰᠤᠷᠠᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠨ᠂ ᠭᠦᠳᠡᠯᠮᠦᠷᠢ ᠶᠢᠨ ᠡᠭᠦᠳᠦᠨ ᠪᠦᠲᠦᠭᠡᠯᠲᠡ ᠶᠢ | ᠬᠦᠨᠳᠦᠳᠬᠡᠬᠦ᠂ ᠤᠷ᠎ᠠ ᠮᠡᠷᠭᠡᠵᠢᠯ ᠤᠨ ᠳᠡᠭᠡᠭᠰᠢᠯᠡᠯᠲᠡ ᠶᠢ ᠡᠷᠭᠢᠮᠯᠡᠭᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠤᠶ ᠪᠤᠯᠭᠠᠵᠤ᠂ ᠭᠦᠭᠡᠬᠤᠲᠠ ᠶᠢᠨ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠦᠭᠦ ᠲᠠᠯ᠎ᠠ ᠪᠠᠷ | ᠬᠥᠭᠵᠢᠬᠦ ᠶᠢ ᠠᠬᠢᠭᠤᠯᠪᠠ᠃ | | | | |